ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 6 ᠳ᠋ᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2021/6/2
     6 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 6 ᠳ᠋ᠤᠭᠠᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠲᠠ ᠶᠢᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠤᠯᠤᠰ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠦᠨ ᠬᠤᠸᠠ ᠱᠠᠨ ᠤᠷᠢᠯᠭ᠎ᠠ ᠪᠠᠷ ᠲᠤᠰᠬᠠᠢ ᠰᠡᠳᠦᠪᠲᠦ ᠵᠢᠯᠤᠭᠤᠲᠤᠯᠭ᠎ᠠ ᠶᠢᠨ ᠲᠠᠶᠢᠯᠤᠮᠵᠢ ᠬᠢᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠳ᠋ᠧᠩ ᠺᠠᠶ᠂ ᠰᠦᠨ ᠬᠤᠤ᠂ ᠯᠢ ᠳ᠋ᠦᠩ᠂ ᠯᠢᠶᠠᠩ ᠱᠣ᠋ ᠫᠢᠩ᠂ ᠯᠢᠦ ᠰᠣ᠋ ᠬᠤᠩ ᠬᠤᠷᠠᠯ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠰᠦᠨ ᠬᠤᠸᠠ ᠱᠠᠨ ︽ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠬᠠᠶ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ︾ ᠭᠡᠬᠦ ᠰᠡᠳᠦᠪ ᠢᠶᠠᠷ᠂ ᠨᠠᠷᠢᠨ ᠪᠣᠳᠠᠲᠠᠢ ᠲᠤᠭ᠎ᠠ ᠪᠠᠷᠢᠮᠲᠠ᠂ ᠠᠮᠢᠳᠤᠯᠢᠭ ᠵᠢᠱᠢᠶ᠎ᠡ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠠᠶᠢᠯᠪᠤᠷᠢᠯᠠᠵᠤ᠂ ᠠᠶᠤᠯᠭᠦᠢ ᠦᠢᠯᠡᠳᠪᠦᠷᠢᠯᠡᠯ ᠤᠨ ᠵᠢᠮ᠎ᠡ ᠶᠣᠰᠣᠨ ᠤ ᠣᠨᠴᠠᠯᠢᠭ ᠪᠣᠯᠤᠨ ᠪᠠᠶᠢᠳᠠᠯ ᠡᠭᠦᠷᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠠᠶᠤᠯᠭᠦᠢ ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠣᠨᠣᠪᠴᠢᠲᠠᠢ ᠵᠢᠭᠠᠨ ᠭᠠᠷᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠪᠣᠳᠣᠯᠬᠢᠯᠠᠯ ᠣᠶᠢᠯᠠᠭᠠᠯᠲᠠ ᠪᠠᠨ ᠬᠤᠪᠢᠶᠠᠯᠴᠠᠪᠠ᠃ ᠪᠦᠬᠦ᠋ᠢᠯᠡ ᠲᠠᠶᠢᠯᠤᠮᠵᠢ ᠶᠢᠨ ᠵᠣᠭᠰᠣᠴᠠ ᠥᠨᠳᠥᠷ᠂ ᠦᠵᠡᠯᠲᠡ ᠰᠢᠨ᠎ᠡ᠂ ᠳᠤᠰᠤᠯᠳᠠ ᠪᠣᠳᠠᠲᠠᠢ᠂ ᠮᠠᠰᠢ ᠴᠢᠩᠭ᠎ᠠ ᠤᠨᠤᠯ ᠪᠠ ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠠᠰᠠᠭᠤᠳᠠᠯ᠂ ᠬᠥᠭᠵᠢᠯᠲᠡ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ ᠨᠡᠩ ᠴᠤ ᠤᠯᠤᠰ ᠲᠦᠷᠦ ᠶᠢᠨ ᠠᠰᠠᠭᠤᠳᠠᠯ ᠪᠣᠯᠤᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ ᠶᠢ ᠣᠨᠣᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠦᠢᠯᠡᠳᠦᠯᠭᠡ ᠶᠢᠨ ᠴᠢᠳᠠᠪᠤᠷᠢ ᠪᠠᠨ ᠨᠡᠮᠡᠭᠳᠡᠭᠦᠯᠬᠦ ᠰᠢᠨ᠎ᠡ ᠭᠠᠷᠤᠭ᠎ᠠ ᠪᠣᠯᠭᠠᠵᠤ᠂ ᠤᠬᠠᠮᠰᠠᠷ ᠠᠴᠠ ᠪᠠᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠤᠯᠠᠮ ᠴᠢᠨᠠᠭᠰᠢᠳᠠ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠡᠢ᠃      ᠭᠤᠷᠪᠠᠨ ᠲᠣᠭᠤᠷᠢᠭ ᠤᠨ ᠬᠠᠷᠢᠭᠤᠴᠠᠯᠭᠠᠲᠠᠨ᠂ ᠬᠤᠳᠠ᠂ ᠲᠣᠭᠤᠷᠢᠭ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠵᠢᠴᠢ ᠡᠯ᠎ᠡ ᠠᠵᠢᠯ ᠲᠦᠷᠦᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号