ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/21
     6 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠶᠢᠨ ᠱᠢ ᠶᠠᠨ ᠬᠤᠲᠠ ᠶᠢᠨ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠠᠳᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠱᠢ ᠲᠠᠢ ᠹᠧᠩ ᠱᠦᠵᠢ᠂ ᠪᠦ᠋ ᠰᠢᠶᠤᠤ ᠯᠢᠨ ᠤ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠦᠨᠡᠨᠬᠦ ᠲᠠᠨᠢᠨ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠦᠷᠭᠦᠯᠵᠢᠯᠡᠨ ᠴᠢᠩᠭᠠᠷᠠᠭᠤᠯᠵᠤ᠂ ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠦᠢᠯᠡᠳᠪᠦᠷᠢᠯᠡᠯ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠰᠤᠷᠭᠠᠭᠤᠯᠢ ᠶᠢᠨ ᠬᠦᠷᠢᠶ᠎ᠡ᠂ ᠢᠳᠡᠭᠡᠨ ᠪᠠ ᠡᠮ ᠤᠨ ᠵᠦᠢᠯᠡᠰ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ ᠶᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ᠂ ᠠᠵᠢᠯ ᠲᠥᠷᠥᠯ᠂ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠨᠡᠶᠢᠯᠡᠮᠡᠯ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢᠶᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠯ᠎ᠡ ᠲᠦᠷᠦᠯ ᠤᠨ ᠬᠦᠴᠦᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠳᠡᠯ ᠢ ᠳᠠᠭᠠᠭᠠᠬᠤ ᠪᠠ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠪᠠᠷ ᠬᠢ ᠮᠡᠳᠡᠭᠡ ᠵᠠᠩᠭᠢᠵᠢᠯᠲᠠ᠂ ᠤᠶᠤᠨᠴᠢᠯᠠᠬᠰᠠᠨ ᠮᠡᠷᠭᠡᠵᠢᠯ ᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠭᠡᠷᠡᠭᠲᠡᠢ ᠭᠡᠵᠡᠢ᠃      ᠬᠤᠷᠠᠯ ᠠᠴᠠ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ︾ ᠶᠢ ᠬᠢᠨᠠᠨ ᠵᠥᠪᠯᠡᠵᠦ᠂ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠵᠠᠶ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号