ᠬᠤᠳᠠ ᠶᠢᠨ ᠵᠠᠰᠠᠭ ᠤᠨ ᠣᠷᠳᠣᠨ ᠤ 2021 ᠣᠨ ᠤ 11 ᠳ᠋ᠣᠬᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠵᠤ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽ᠳᠤᠯᠤᠭ᠎ᠠ ᠶᠢ ᠵᠠᠰᠠᠬᠤ︾ ᠠᠵᠢᠯ ᠢ ᠪᠠᠶᠢᠷᠢᠯᠠᠭᠤᠯᠪᠠ  ᠶᠠᠩ ᠶᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/6/29
     6 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ 2021 ᠣᠨ ᠤ 11 ᠳ᠋ᠣᠬᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ᠂ ︽ᠦᠬᠠᠢ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ︽ᠳᠤᠯᠤᠭ᠎ᠠ ᠶᠢ ᠵᠠᠰᠠᠬᠤ︾ ᠠᠵᠢᠯ ᠤᠨ ᠠᠬᠢᠴᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ᠂ ᠤᠯᠤᠰ ᠳᠦᠷᠦ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠢᠭᠡᠨᠲᠡ ᠲᠣᠭᠲᠠᠭᠠᠭᠰᠠᠨ ᠲᠥᠰᠦᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠳᠦᠷᠦᠯ ᠵᠦᠢᠯ ᠳᠠᠷᠠᠭᠠᠯᠠᠨ ᠤᠨᠢᠨ ᠳᠡᠭᠡᠷ᠎ᠡ ᠨᠢ ᠳᠦᠷᠦ ᠶᠢᠨ ᠪᠤᠳᠤᠯᠭ᠎ᠠ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠬᠦᠴᠦᠯᠡᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠪᠦᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ᠴᠢᠭᠯᠡᠭᠦᠯᠦᠨ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠡᠷᠬᠢᠨ ᠬᠠᠷᠠᠵᠤ᠂ ︽ᠣᠳᠣᠬᠠᠨ ᠤ ᠥᠭᠡᠷᠡᠴᠢᠯᠡᠯᠲᠡ︾ ᠪᠣᠯᠤᠨ ︽ᠤᠷᠳᠤ ᠬᠤᠭᠤᠴᠠᠭ᠎ᠠ ᠪᠠᠷ ᠵᠣᠭᠰᠣᠬᠤ︾ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠵᠡᠷᠭᠡᠪᠡᠷ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠭᠠᠷᠠᠭ ᠢᠶᠠᠷ ᠲᠤᠬᠢᠷᠠᠭᠤᠯᠬᠤ᠂ ᠰᠠᠷ᠎ᠠ ᠪᠠᠷ ᠱᠠᠯᠠᠪᠳᠠᠭᠤᠯᠤᠨ ᠪᠠᠶᠢᠴᠠᠭᠠᠬᠤ᠂ ᠤᠯᠠᠷᠢᠯ ᠢᠶᠠᠷ ᠮᠡᠳᠡᠭᠡᠯᠡᠬᠦ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠ ᠦᠷ᠎ᠡ ᠪᠦᠲᠦᠮᠵᠢ ᠶᠢ ᠠᠰᠠᠭᠤᠬᠤ ᠪᠠᠨ ᠴᠢᠩᠭᠠᠳᠬᠠᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠪᠠᠷ ᠵᠢᠷᠤᠮᠯᠠᠯ ᠪᠣᠯᠭᠠᠵᠤ᠂ ᠠᠮᠢ ᠠᠬᠤᠢ ᠶᠢᠨ ᠵᠠᠰᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠮᠢ ᠠᠬᠤᠢ ᠶᠢᠨ ᠵᠠᠰᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠬᠠᠰᠤᠵᠤ᠂ ᠨᠢᠭᠡ ᠶᠢ ᠪᠠᠬᠢᠵᠢᠭᠦᠯᠬᠦ ᠶᠢ ᠦᠨᠡᠨᠬᠦ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠳᠤ ᠠᠩᠬᠠᠷᠤᠯ ᠢᠶᠠᠨ ᠲᠥᠪᠯᠡᠷᠡᠭᠦᠯᠦᠨ ᠳᠤᠬᠢᠷᠠᠭᠤᠯᠤᠯᠳᠠ ᠶᠢ ᠠᠳᠬᠤᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠬᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠶᠡᠭᠡ ᠳᠠᠩᠰᠠ᠂ ᠤᠯᠤᠰ ᠳᠦᠷᠦ ᠶᠢᠨ ᠳᠠᠩᠰᠠ᠂ ᠠᠮᠢ ᠠᠬᠤᠢ ᠶᠢᠨ ᠳᠠᠩᠰᠠ ᠶᠢ ᠢᠯᠡᠭᠦᠦ ᠪᠤᠳᠤᠵᠤ᠂ ᠪᠠᠭ᠎ᠠ ᠳᠠᠩᠰᠠ᠂ ᠠᠵᠤ ᠠᠬᠤᠢ ᠶᠢᠨ ᠳᠠᠩᠰᠠ᠂ ᠨᠢᠳᠦᠨ ᠡᠮᠦᠨᠡᠬᠢ ᠳᠠᠩᠰᠠ ᠶᠢ ᠳᠤᠲᠠᠭᠤ ᠪᠤᠳᠤᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠭᠦᠨᠵᠡᠭᠡᠢ ᠬᠦᠭᠵᠢᠬᠦᠯᠬᠦ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠪᠦᠲᠦᠴᠡ ᠪᠠᠨ ᠳᠤᠬᠢᠷᠠᠭᠤᠯᠵᠤ᠂ ᠴᠢᠳᠠᠪᠬᠢ ᠪᠠᠨ ᠬᠤᠪᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ ᠂ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠳᠠᠷᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠪᠠᠰᠠ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠬᠦ ᠲᠤᠬᠠᠶ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023︶︾ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号