ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ ᠰᠦᠨ ᠬᠤᠸᠠ ᠱᠠᠨ ᠨᠠᠷ ᠮᠠᠨ ᠤ ᠬᠤᠲᠠ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2021/6/3
     6 ᠰᠠᠷ᠎ᠠ ᠶᠢᠨ 1 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠤᠯᠤᠰ ᠤᠨ ᠠᠮᠣᠷ ᠲᠦᠪᠰᠢᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠦᠨ ᠬᠤᠸᠠ ᠱᠠᠨ ᠪᠦᠯᠬᠦᠮ ᠳᠠᠭᠠᠭᠤᠯᠤᠨ ᠮᠠᠨ ᠤ ᠬᠤᠲᠠ ᠳᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠲᠥᠪ ᠤᠨ ᠳᠡᠳ᠋ ᠡᠷᠬᠢᠯᠡᠭᠴᠢ ᠬᠤ᠋ ᠢᠦᠶ ᠬᠤᠩ ᠬᠠᠮᠲᠤ ᠪᠠᠶᠢᠴᠠᠭᠠᠨ ᠰᠣᠳᠣᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠨ ᠬᠤᠸᠠ ᠱᠠᠨ ᠨᠠᠷ ᠦᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠰᠤᠳᠤᠯᠤᠨ ᠨᠡᠭᠡᠭᠡᠬᠦ ᠲᠥᠪ᠂ ᠤᠰᠤᠲᠥ᠋ᠷᠥᠭᠴᠢ ᠨᠡᠮᠡᠬᠦ ᠦᠷᠳᠡᠭᠡ ᠳᠤ ᠬᠦᠷᠴᠦ᠂ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠨᠡᠮᠡᠬᠦ ᠵᠡᠷᠭᠡ ᠲᠥᠬᠦᠭᠡᠷᠦᠮᠵᠢ ᠶᠢᠨ ᠠᠵᠢᠯᠯᠠᠭᠠᠨ ᠪᠠ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠰᠤᠲᠥ᠋ᠷᠥᠭᠴᠢ ᠡᠨᠧᠷᠭᠢ ᠶᠢᠨ ᠦᠢᠯᠡᠳᠪᠦᠷᠢᠯᠡᠯ ᠤᠨ ᠤᠷᠠᠯᠠᠯ ᠤᠨ ᠶᠠᠪᠤᠴᠠ᠂ ᠤᠰᠤᠲᠥ᠋ᠷᠥᠭᠴᠢ ᠬᠡᠢ ᠶᠢᠨ ᠳᠠᠮᠵᠢᠭᠤᠯᠭ᠎ᠠ᠂ ᠡᠳᠦᠷ ᠲᠤᠳᠤᠮ ᠤᠨ ᠬᠠᠮᠢᠶᠠᠷᠤᠯᠲᠠ ᠵᠡᠷᠭᠡ ᠭᠤᠭᠴᠤᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃      ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠰᠦᠨ ᠬᠤᠸᠠ ᠱᠠᠨ ᠠᠵᠤ ᠠᠬᠤᠶᠢᠯᠠᠯ ᠤᠨ ᠲᠥᠪ ᠤᠨ ᠡᠵᠡᠮᠳᠡᠯ ᠤᠨ ᠲᠠᠰᠤᠭ ᠲᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠤᠷᠢ᠂ ᠪᠦᠬᠦ ᠶᠠᠪᠤᠴᠠ ᠶᠢᠨ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠤᠷᠠᠯᠠᠯ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠨ᠎ᠡ ᠤᠢᠢᠯᠠᠭᠠᠭᠳᠠᠬᠤᠨ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢᠶᠠᠨ ᠭᠦᠢᠴᠡᠳ ᠠᠰᠢᠭᠯᠠᠵᠤ᠂ ᠠᠦ᠋ᠲ᠋ᠣᠴᠢᠯᠠᠯᠲᠠ ᠂ ᠤᠶᠤᠨᠴᠢᠯᠠᠯᠳᠠ ᠶᠢᠨ ᠥᠭᠡᠷᠡᠴᠢᠯᠡᠯᠲᠡ ᠶᠢ ᠲᠤᠪᠤᠶᠢᠯᠭᠠᠵᠦ᠂ ︽ᠬᠥᠮᠦᠨ ᠦᠭᠡᠢ ᠦᠢᠯᠡᠳᠪᠦᠷᠢ︾ ᠲᠡᠰᠢ ᠬᠡᠯᠪᠡᠷᠢ ᠪᠠᠨ ᠢᠳᠡᠪᠬᠢᠲᠡᠢ ᠬᠤᠪᠢᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠢᠯᠡᠳᠬᠡᠮᠵᠢ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃      ᠰᠦᠨ ᠬᠤᠸᠠ ᠱᠠᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠠᠴᠢ ᠬᠤᠯᠪᠣᠭᠳᠠᠯ ᠴᠢᠬᠤᠯᠠ ᠶᠤᠮ᠃ ᠦᠬᠠᠶ ᠬᠤᠲᠠ ᠶᠢᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠤᠷᠢᠳᠴᠢᠯᠠᠨ ᠰᠡᠷᠡᠮᠵᠢᠯᠡᠭᠦᠯᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠦᠬᠦᠯᠢ ᠴᠣᠭᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ︽ᠳᠠᠯᠳᠠ ᠭᠡᠮ ᠪᠣᠯ ᠳᠠᠷᠤᠢ ᠠᠳᠡᠯ ᠮᠥᠨ︾ ᠭᠡᠬᠦ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢᠶᠠᠨ ᠪᠦᠷᠢᠨᠰᠢᠬᠦᠯᠵᠦ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠪᠠᠨ ᠲᠠᠰᠣᠷᠠᠯᠳᠠ ᠦᠭᠡᠢ ᠲᠡᠭᠡᠭᠰᠢᠯᠡᠬᠦᠯᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号