ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ  ᠲᠠᠩ ᠢ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/6/3
     6 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠲᠤᠬᠠᠶ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠢᠴᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠷᠪᠠᠨ ᠲᠠᠪᠤᠳᠤᠭᠠᠷ᠂ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠪᠠᠶᠢᠯᠭᠠᠵᠤ᠂ ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠬᠤᠳᠠ ᠶᠢᠨ ᠠᠵᠤ ᠠᠬᠤᠢ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠲᠠᠨᠢᠵᠤ᠂ ᠲᠠᠷᠢᠬᠢ ᠲᠣᠯᠣᠭᠠᠢ ᠰᠡᠷᠭᠡᠭ ᠪᠥᠭᠡᠳ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠬᠥᠭᠵᠢᠯᠲᠡ ᠶᠢ ᠡᠷᠢᠯᠬᠢᠯᠡᠬᠦ᠂ ᠬᠥᠭᠵᠢᠯᠲᠡ ᠶᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠤᠨ ᠨᠠᠷᠢᠯᠢᠭ ᠣᠨᠣᠪᠴᠢᠲᠤ ᠴᠢᠨᠠᠷ᠂ ᠦᠷ᠎ᠡ ᠪᠦᠳᠦᠮᠵᠢᠳᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠲᠦᠷᠦᠯ ᠵᠦᠢᠯ ᠢ ᠨᠥᠭᠡᠴᠡᠯᠡᠬᠦ ᠪᠠ ᠠᠬᠢᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠵᠠᠳᠠᠯᠤᠨ ᠲᠤᠬᠢᠷᠠᠭᠤᠯᠬᠤ ᠪᠠᠨ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠬᠠᠮᠢᠶᠠᠷᠤᠯᠲᠠ ᠡᠵᠡᠮᠳᠡᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ᠂ ᠰᠤᠷᠲᠠᠯ ᠢᠶᠠᠨ ᠰᠠᠶᠢᠵᠢᠷᠠᠭᠤᠯᠵᠤ᠂ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠤᠳᠤᠷᠢᠳᠤᠮᠵᠢ ᠪᠠᠨ ᠲᠣᠳᠣᠷᠬᠠᠶᠢᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠪᠣᠯᠤᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠬᠤᠯᠠ ᠶᠡᠭᠡ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠢ ᠣᠨᠣᠪᠴᠢᠲᠠᠢ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ ᠡᠷᠡᠰ ᠢᠶᠠᠷ ᠴᠡᠭᠴᠡᠯᠡᠨ ᠰᠠᠶᠢᠵᠢᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠵᠦ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠬᠥᠳᠡᠯᠭᠡᠬᠦ ᠬᠦᠴᠦᠨ ᠢ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠮᠠᠨ ᠤ ᠬᠤᠲᠠ ᠳᠤ ᠣᠯᠠᠨ ᠲᠠᠯ᠎ᠠ ᠪᠠᠷ ᠳᠡᠯᠭᠡᠷᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠬᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号