ᠪᠦᠬᠦ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/6/4
     6 ᠰᠠᠷ᠎ᠠ ᠶᠢᠨ 3 ᠤ ᠡᠳᠦᠷ᠂ ᠪᠥᠬᠦ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠷᠠᠯ ᠡᠷᠭᠢᠯᠡᠪᠡ᠃ ᠬᠤᠳᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠼᠦᠢ ᠵᠢᠩ ᠶᠢᠩ ᠂ ᠰᠣ᠋ ᠵᠦᠩ ᠱᠧᠩ᠂ ᠵᠢᠶᠠ ᠴᠢᠩ ᠳ᠋ᠦᠩ᠂ ᠰᠦᠨ ᠬᠤᠤ᠂ ᠮᠤᠤ ᠵᠧᠨ ᠬᠠᠢ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠪᠦᠬᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠣᠭᠠᠴᠢᠯᠠᠭᠰᠠᠨ ᠠᠵᠤ ᠠᠬᠤᠢ ᠶᠢᠨ ᠠᠵᠢᠯ ᠲᠦᠷᠦᠯ ᠤᠨ 10 ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃      ᠲᠠᠩ ᠢ ᠵᠢᠭᠠᠵᠤ ᠭᠠᠷᠭᠠᠭᠰᠠᠨ ᠨᠢ᠂ ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠬᠦ ᠪᠣᠯ ᠪᠦᠬᠦ ᠪᠥᠮᠪᠥᠷᠴᠡᠭ ᠤᠨ ᠬᠠᠮᠲᠤ ᠶᠢᠨ ᠲᠠᠨᠢᠯᠲᠠ ᠮᠥᠨ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠭᠠᠷᠳᠠᠴᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠤᠯᠤᠰ ᠲᠥᠷᠥ᠂ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠶᠢᠨ ᠵᠠᠶᠢᠯᠠᠰᠢ ᠦᠭᠡᠶ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠪᠣᠷ ᠤᠨ ᠲᠠᠯ᠎ᠠ ᠪᠠᠷ ᠢᠳᠡᠪᠬᠢᠲᠡᠢ ᠰᠠᠨᠠᠭᠠᠴᠢᠯᠠᠭ᠎ᠠ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠡᠰ ᠲᠦᠷᠭᠡᠨ ᠪᠠᠶᠢᠬᠤ ᠶᠢ ᠪᠠᠲᠤᠯᠠᠵᠤ᠂ ᠵᠢᠮ᠎ᠡ ᠶᠣᠰᠣ ᠶᠢ ᠤᠨᠢᠨ ᠳᠡᠭᠡᠷ᠎ᠡ ᠨᠢ ᠡᠵᠡᠮᠳᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠣᠨᠣᠪᠴᠢᠲᠠᠢ ᠡᠷᠢᠵᠦ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠡᠨᠡᠬᠦ ᠲᠤᠮᠤ ᠶᠠᠪᠤᠳᠠᠯ ᠢ ᠦᠨᠡᠨᠬᠦ ᠭᠦᠨᠵᠡᠭᠡᠢ᠂ ᠪᠣᠳᠠᠲᠠᠢ᠂ ᠭᠤᠶᠢᠳᠠ ᠰᠠᠶᠢᠬᠠᠨ ᠬᠢᠵᠦ᠂ ᠠᠮᠢ ᠠᠬᠤᠢ ᠶᠢ ᠣᠷᠢᠳᠠᠪᠡᠷ ᠪᠣᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠳᠤ ᠰᠠᠭᠤᠷᠢ ᠶᠢ ᠪᠠᠲᠤᠳᠬᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠭᠤᠣᠯᠳᠠᠯᠭ᠎ᠠ ᠶᠢ ᠡᠵᠡᠮᠳᠡᠵᠦ᠂ ᠰᠢᠪᠲᠤᠯᠤᠯᠲᠠ ᠶᠢᠨ ᠴᠢᠭ ᠢᠶᠠᠨ ᠣᠨᠣᠪᠴᠢᠲᠠᠢ ᠡᠷᠢᠵᠦ᠂ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠠᠵᠤ ᠦᠢᠯᠡᠳᠪᠦᠷᠢ ᠶᠢᠨ ᠲᠣᠭᠠᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠲᠣᠭᠠᠴᠢᠯᠠᠯᠲᠠ ᠶᠢᠨ ᠲᠡᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ ᠲᠣᠭᠠᠴᠢᠯᠠᠯᠲᠠ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠣᠭᠠᠴᠢᠯᠠᠯᠲᠠ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠶᠡᠬᠡᠳᠬᠡᠬᠦ᠂ ᠳᠠᠪᠬᠤᠴᠠᠭᠤᠯᠬᠤ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠲᠠᠯ᠎ᠠ ᠪᠠᠷ ᠬᠦᠴᠦᠯᠡᠵᠦ᠂ ᠲᠣᠭᠠᠴᠢᠯᠠᠭᠰᠠᠨ ᠠᠵᠤ ᠦᠢᠯᠡᠰᠵᠢᠯᠲᠡ ᠶᠢ ᠲᠣᠭᠲᠠᠭᠤᠨ ᠢᠶᠠᠷ ᠠᠬᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠤᠨ ᠵᠠᠰᠠᠯᠲᠠ ᠶᠢᠨ ᠣᠶᠤᠨᠴᠢ ᠵᠠᠰᠠᠯᠲᠠ ᠶᠢᠨ ᠲᠦᠪᠰᠢᠨ  ᠢᠶᠠᠨ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ +︾ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ ᠪᠠᠶᠢᠭᠠᠳ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠢ ᠶᠢᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠨ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠪᠠᠲᠤᠯᠠᠭ᠎ᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠥᠷᠭᠡᠨ ᠤᠯᠠᠨ ᠺᠠᠳ᠋ᠷᠴᠤᠳ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠡᠳᠡᠭᠡ ᠵᠠᠯᠭᠢᠴᠢᠯᠠᠯᠳᠠ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠤᠷᠤᠯᠴᠠᠯᠭ᠎ᠠ ᠪᠠ ᠦᠢᠯᠡᠳᠦᠯᠭᠡ ᠪᠠᠨ ᠴᠢᠩᠭᠠᠳᠬᠠᠵᠤ᠂ ᠲᠤᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠬᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠲᠤᠮᠤ ᠳ᠋ᠠᠶᠢᠲ᠋ᠠ᠂ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠢᠶᠠᠷ ᠪᠦᠬᠦ ᠲᠠᠯ᠎ᠠ᠂ ᠪᠦᠬᠦ ᠬᠠᠷᠠᠭᠠᠰᠣ᠂ ᠪᠦᠬᠦ ᠬᠡᠯᠬᠢᠶ᠎ᠡ ᠪᠠᠷ ᠤᠯᠠᠮᠵᠢᠯᠠᠯᠲᠤ ᠠᠵᠤ ᠦᠢᠯᠡᠰ ᠲᠤ ᠡᠨᠧᠷᠭᠢ ᠣᠯᠭᠤᠵᠤ᠂ ᠲᠣᠭᠠᠴᠢᠯᠠᠭᠰᠠᠨ ᠪᠦᠳᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ  ᠪᠠᠨ ᠲᠦᠷᠭᠡᠳᠬᠡᠵᠦ᠂ ᠲᠣᠭᠠᠴᠢᠯᠠᠭᠰᠠᠨ ᠬᠡᠷᠡᠭᠯᠡᠭᠡ ᠪᠠᠷ ᠴᠢᠨᠠᠷ ᠰᠠᠶᠢᠲᠠᠢ ᠠᠮᠢᠳᠤᠷᠠᠯ ᠢ ᠡᠭᠦᠳᠬᠦ ᠬᠡᠷᠡᠭᠲᠡᠢ᠃ ᠮᠠᠨ ᠤ ᠬᠤᠳᠠ ᠶᠢ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠳᠤ ᠣᠷᠣᠭᠤᠯᠬᠤ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠵᠠᠰᠠᠯᠲᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠲᠣᠭᠠᠴᠢᠯᠠᠭᠰᠠᠨ ᠲᠠᠪᠴᠠᠩ ᠢᠶᠠᠷ ᠥᠨᠳᠥᠷ ᠪᠦᠲᠦᠮᠵᠢᠲᠡᠢ ᠵᠠᠰᠠᠯᠲᠠ ᠶᠢ ᠬᠡᠷᠡᠭᠵᠢᠭᠦᠯᠵᠦ᠂ ᠮᠠᠨ ᠤ ᠬᠤᠳᠠ ᠶᠢᠨ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号