ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠵᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ
ᠨᠡᠶᠢᠲᠡᠯᠡᠭᠰᠡᠨ ᠴᠠᠭ᠄
2021/6/4

     6 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠤᠷ᠎ᠠ

ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ

ᠬᠢᠵᠦ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠤᠶᠢᠯᠠᠭᠠᠨ᠂ ᠲᠥᠷᠥᠯ

ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ

ᠰᠢᠢᠳᠪᠦᠷᠢᠯᠡᠪᠡ᠃ ︵ᠱᠢ ᠯᠢ ᠽᠧᠩ ᠰᠡᠭᠦᠳᠡᠷᠯᠡᠪᠡ︶

     6 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠤᠷ᠎ᠠ

ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ

ᠬᠢᠵᠦ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠤᠶᠢᠯᠠᠭᠠᠨ᠂ ᠲᠥᠷᠥᠯ

ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ

ᠰᠢᠢᠳᠪᠦᠷᠢᠯᠡᠪᠡ᠃ ᠲᠡᠷᠡ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂

ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠤᠤᠷ᠎ᠠ

ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠮᠵᠢ ᠲᠣᠭᠲᠠᠴᠠ ᠪᠠᠨ ᠨᠡᠩ ᠰᠢᠯᠢᠳᠡᠭ᠂

ᠦᠷ᠎ᠡ ᠪᠦᠲᠦᠮᠵᠢ ᠪᠠᠨ ᠨᠡᠩ ᠥᠨᠳᠥᠷ᠂ ᠴᠢᠳᠠᠪᠬᠢ ᠪᠠᠨ ᠨᠡᠩ ᠴᠢᠩᠭ᠎ᠠ ᠪᠣᠯᠭᠠᠬᠤ ᠶᠢ ᠴᠢᠷᠮᠠᠶᠢᠨ ᠪᠡᠶᠡᠯᠡᠭᠦᠯᠬᠦ

ᠬᠡᠷᠡᠭᠲᠡᠢ ᠬᠡᠵᠡᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ

ᠰᠣ᠋ ᠵᠥᠩ ᠱᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ

ᠵᠢᠶᠠ ᠴᠢᠩ ᠳ᠋ᠦᠩ ᠬᠠᠮᠲᠤ ᠪᠠᠶᠢᠴᠠᠭᠠᠨ ᠰᠤᠳᠤᠯᠤᠯᠲᠠ ᠬᠢᠪᠡ᠃

     ᠲᠠᠩ ᠢ ᠤᠷᠢᠳ ᠬᠤᠵᠢᠳ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠥᠪᠥᠷ

ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠧ ᠮᠧᠩ ᠬᠠᠢ ᠶᠢᠨ ᠬᠦᠷᠢᠶᠡᠯᠡᠩ

 ᠤᠨ ᠲᠤᠲᠤᠷᠠᠭᠢ ᠬᠦᠷᠢᠶᠡᠯᠡᠩ ᠤᠨ ᠡᠭᠦᠷᠬᠦ ᠮᠠᠶ᠋ᠢᠭ ᠤᠨ ᠮᠠᠰᠢᠨ ᠴᠣᠭᠴᠠᠯᠠᠪᠤᠷᠢ ᠶᠢᠨ ᠲᠦᠷᠦᠯ ᠵᠦᠢᠯ ᠤᠨ

ᠲᠤᠬᠠᠢ ᠶᠢᠨ ᠲᠠᠯᠠᠪᠠᠢ᠂ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ ᠶᠢᠨ ᠨᠠᠷᠢᠯᠢᠭ ᠬᠢᠮᠢ ᠶᠢᠨ ᠠᠵᠤ

ᠦᠢᠯᠡᠳᠪᠦᠷᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠪᠣᠯᠤᠨ ᠲᠥᠪ ᠡᠵᠡᠮᠰᠢᠯ ᠤᠨ

ᠲᠠᠰᠤᠭ ᠲᠤ ᠬᠦᠷᠴᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ

ᠦᠵᠡᠬᠦ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂

ᠬᠦᠷᠢᠶᠡᠯᠡᠩ ᠲᠣᠭᠤᠷᠢᠭ ᠤᠨ ᠢᠵᠢ ᠪᠥᠷᠢᠳᠦᠭᠦᠯᠬᠦ ᠴᠢᠳᠠᠮᠵᠢ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ

ᠲᠥᠷᠥᠯ ᠵᠦᠢᠯ ᠢ ᠳᠥᠯᠭᠢᠨ ᠠᠬᠢᠭᠤᠯᠬᠤ ᠪᠠᠴᠢᠮ ᠰᠢᠢᠳᠪᠦᠷᠢᠯᠡᠬᠦ ᠴᠢᠬᠤᠯᠠᠲᠠᠶ ᠪᠣᠳᠠᠲᠠᠶ ᠠᠰᠠᠭᠤᠳᠠᠯ ᠤᠨ ᠲᠤᠬᠠᠶ

ᠲᠤᠬᠠᠶ ᠶᠢᠨ ᠲᠠᠯᠠᠪᠤᠷ ᠲᠤ ᠠᠯᠪᠠᠯᠠᠪᠠ᠃

     ᠶᠠᠷᠢᠯᠴᠠᠬᠤ ᠬᠤᠷᠠᠯ ᠳᠡᠭᠡᠷ᠎ᠡ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ

ᠬᠠᠮᠢᠶᠠᠷᠤᠯᠲᠠ ᠶᠢᠨ ᠵᠥᠪᠯᠡᠯ ᠠᠴᠠ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠠᠵᠢᠯ ᠪᠣᠯᠤᠨ

ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ ᠢᠶᠠᠨ ᠬᠠᠷᠢᠭᠤ

ᠮᠡᠳᠡᠭᠦᠯᠵᠦ᠂ ᠬᠠᠶᠢᠨᠠᠨ ᠲᠣᠭᠤᠷᠢᠭ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠪᠣᠳᠠᠲᠠᠢ ᠠᠰᠠᠭᠤᠳᠠᠯ ᠤᠨ ᠲᠣᠭᠤᠷᠢᠨ ᠳᠤ ᠰᠢᠢᠳᠪᠦᠷᠢᠯᠡᠬᠦ ᠰᠠᠨᠠᠯ ᠪᠣᠯᠤᠨ ᠠᠷᠭ᠎ᠠ ᠪᠠᠨ

ᠳᠤᠷᠠᠳᠴᠠᠢ᠃

     ᠲᠠᠩ ᠢ ᠵᠢᠭᠠᠵᠤ ᠭᠠᠷᠭᠠᠭᠰᠠᠨ ᠨᠢ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ

ᠪᠣᠯ ᠮᠠᠨ ᠤ ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠮᠥᠨ᠂ ᠠᠵᠤ ᠦᠢᠯᠡᠰ

᠂ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃

ᠬᠠᠶᠢᠨᠠᠨ ᠲᠤᠭᠤᠷᠢᠭ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ

ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠲᠤᠤᠷ᠎ᠠ

ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠳᠡᠮᠵᠢᠯᠭᠡ ᠪᠠ ᠦᠢᠯᠡᠴᠢᠯᠡᠭᠡ ᠪᠠᠨ

ᠴᠢᠩᠭᠠᠳᠬᠠᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ

᠂ ᠴᠢᠨᠠᠷ ᠰᠠᠶᠢᠲᠠᠶ ᠬᠥᠭᠵᠢᠯᠲᠡ ᠶᠢᠨ ᠠᠴᠢᠶᠠᠯᠠᠬᠤ ᠭᠠᠵᠠᠷ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ

ᠲᠠᠰ ᠳᠡᠪᠰᠢᠬᠦ ᠰᠢᠨ᠎ᠡ ᠣᠷᠣᠨ ᠵᠠᠶ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠲᠤᠤᠷ᠎ᠠ

ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠢ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂

ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ

ᠵᠠᠮ ᠢᠶᠠᠷ ᠰᠠᠶᠢᠲᠤᠷ ᠵᠠᠮᠨᠠᠬᠤ ᠠᠵᠤ ᠦᠢᠯᠡᠰ ᠤᠨ ᠲᠥᠪᠯᠡᠷᠡᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠳᠡᠢ

ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠬᠡᠪᠰᠢᠭᠰᠡᠨ ᠰᠡᠳᠬᠢᠬᠦᠶ ᠪᠠᠨ ᠡᠪᠳᠡᠵᠦ᠂ ᠬᠦᠷᠢᠶᠡᠯᠡᠩ ᠲᠣᠭᠤᠷᠢᠭ ᠤᠨ

ᠬᠠᠮᠢᠶᠠᠷᠤᠯᠲᠠ ᠶᠢᠨ ᠵᠥᠪᠯᠡᠯ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢᠨ ᠵᠠᠭᠠᠭ

ᠬᠢᠵᠠᠭᠠᠷ ᠢᠶᠠᠨ ᠲᠣᠳᠣᠷᠬᠠᠶ ᠪᠣᠯᠭᠠᠵᠤ᠂ ᠪᠠᠶᠢᠭᠤᠯᠤᠮᠵᠢ ᠪᠠᠨ ᠤᠯᠠᠮ ᠨᠢᠭᠡ ᠠᠯᠬᠤᠮ ᠰᠢᠯᠤᠭᠤᠳᠬᠠᠨ᠂ ᠬᠠᠷᠰᠢ

ᠰᠠᠭᠠᠳ ᠢ ᠠᠷᠢᠯᠭᠠᠵᠤ᠂ ᠲᠣᠭᠲᠠᠴᠠ ᠪᠠᠨ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠵᠥᠪᠯᠡᠯ ᠤᠨ ᠨᠢᠭᠡᠳᠦᠯᠲᠡᠶ

ᠲᠥᠯᠥᠪᠯᠡᠨ ᠲᠥᠯᠥᠪᠵᠢᠭᠦᠯᠵᠦ ᠵᠣᠬᠢᠴᠠᠭᠤᠯᠬᠤ ᠦᠢᠯᠡᠳᠦᠯ ᠵᠢᠴᠢ ᠬᠤᠲᠠ ᠶᠢᠨ ᠠᠵᠤ ᠦᠢᠯᠡᠳᠪᠦᠷᠢ ᠶᠢᠨ ᠪᠠᠯᠠ

ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠳ᠋ ᠬᠥᠷᠥᠩᠭᠡ ᠶᠢᠨ ᠡᠵᠡᠩᠨᠡᠯᠲᠡ᠂ ᠪᠠᠯᠠ

ᠣᠷᠣᠭᠤᠯᠤᠯᠲᠠ ᠪᠠᠯᠠ ᠲᠣᠬᠢᠷᠠᠭᠤᠯᠭ᠎ᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠠᠭᠤᠷᠢ

ᠪᠡᠯᠡᠳᠬᠡᠮᠵᠢ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂

ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠳᠡᠢ᠃ ᠠᠰᠠᠭᠤᠳᠠᠯ ᠳᠤ

ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢ ᠠᠳᠬᠤᠵᠤ᠂ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ᠂

ᠲᠦᠷᠭᠡᠨ ᠤ ᠬᠤᠯᠪᠣᠯᠲᠠ ᠶᠢᠨ ᠱᠤᠭᠤᠮ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠨ

ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠵᠠᠮ᠂ ᠤᠰᠤ ᠬᠠᠩᠭᠠᠯᠳᠠ᠂ ᠴᠠᠬᠢᠯᠭᠠᠨ ᠬᠦᠴᠦ ᠵᠡᠷᠭᠡ ᠰᠠᠭᠤᠷᠢ

ᠲᠥᠬᠦᠭᠡᠷᠦᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠠᠮᠢᠳᠤᠷᠠᠯ ᠤᠨ ᠢᠵᠢ ᠪᠦᠷᠢᠳᠦᠭᠰᠡᠨ

ᠲᠥᠬᠦᠭᠡᠷᠦᠮᠵᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ

ᠳᠠᠭᠠᠭᠠᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ

ᠪᠠᠲᠤ ᠪᠠᠬᠢ ᠪᠣᠶ ᠪᠣᠯᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠨᠢᠭᠲᠠ

ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号