ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 9 ᠳ᠋ᠣᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ  ᠶᠠᠩ ᠶᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/6/7
     6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 9 ᠳ᠋ᠣᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠥᠬᠦᠶ ᠬᠤᠷᠠᠯ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠ ᠴᠢᠩ ᠳ᠋ᠦᠩ᠂ ᠬᠤᠲᠠ ᠶᠢᠨ ᠳᠡᠳ᠋ ᠳᠠᠷᠤᠭ᠎ᠠ ᠯᠢᠶᠠᠩ ᠱᠣ᠋ ᠫᠢᠩ᠂ ᠮᠤᠤ ᠵᠧᠨ ᠬᠠᠶ ᠵᠢᠴᠢ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠ ᠶᠢᠰᠦᠳᠦᠭᠡᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠠᠷᠢᠮᠵᠢᠶ᠎ᠠ ᠪᠠᠷ ᠢᠯᠡᠳᠬᠡᠵᠦ᠂ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠡᠷᠲᠡ ᠠᠴᠠ ᠰᠤᠳᠤᠯᠤᠨ ᠰᠦᠪᠡᠭᠴᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ᠂ ᠡᠨᠡ ᠵᠢᠯ ᠤᠨ ᠮᠠᠨ ᠤ ᠬᠤᠲᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠲᠤᠷᠰᠢᠯᠲᠠ ᠪᠠᠷ ᠬᠦᠳᠦᠯᠦᠨ ᠳᠠᠭᠠᠭᠤᠯᠬᠤ᠂ ᠤᠷᠢᠳᠴᠢᠯᠠᠨ ᠲᠥᠯᠥᠪᠵᠢᠭᠦᠯᠬᠦ᠂ ᠲᠦᠷᠭᠡᠨ ᠠᠬᠢᠭᠤᠯᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠣᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠶᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠥᠨᠳᠥᠷ ᠭᠠᠷᠤᠭ᠎ᠠ ᠠᠴᠠ ᠰᠦᠪᠡᠭᠴᠢᠯᠡᠵᠦ᠂ ᠠᠬᠢᠭᠤᠯᠬᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠨ ᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠮᠡᠷᠭᠡᠵᠢᠯ ᠪᠣᠯᠤᠨ ᠰᠢᠨ᠎ᠡ ᠶᠢ ᠡᠭᠦᠳᠬᠦ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠰᠢᠨ᠎ᠡ ᠶᠢ ᠡᠭᠦᠳᠬᠦ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ ᠶᠢ ᠤᠨᠢᠨ ᠳᠡᠭᠡᠷ᠎ᠡ ᠨᠢ ᠵᠣᠯᠭᠠᠭᠤᠯᠬᠤ᠂ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠪᠠ ᠴᠢᠨᠠᠷ ᠰᠠᠶᠢᠲᠠᠢ ᠭᠦᠭᠵᠢᠬᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ︽ᠦᠨᠡᠨᠴᠢ ᠰᠡᠳᠭᠢᠯᠭᠡ︾ ᠪᠠᠷ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠡᠳᠡᠨ ᠴᠤᠭᠯᠠᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠤᠨ ᠦᠢᠯᠡᠳᠦᠯ ᠢ ᠨᠢ ᠬᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠨᠢᠭᠡ ᠪᠦᠯᠦᠭ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠥᠭᠬᠦ ᠬᠡᠷᠡᠭᠲᠡᠶ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ᠂ ᠬᠤᠪᠢᠰᠬᠠᠯ ᠤᠨ ᠲᠦᠷᠦ ᠶᠢ ᠦᠶ᠎ᠡ ᠶᠢᠨ ᠦᠶ᠎ᠡ ᠳᠡᠭᠡᠨ ᠤᠯᠠᠮᠵᠢᠯᠠᠶ᠎ᠠ︾ ᠭᠡᠬᠦ ᠴᠢᠬᠤᠯᠠ ᠵᠣᠬᠢᠶᠠᠯ ᠤᠨ ᠪᠠᠶᠠᠯᠢᠭ ᠠᠭᠤᠯᠬᠤᠨ ᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠳᠤᠮᠳᠠ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠠᠮᠴᠢ ᠴᠢᠨᠠᠷ ᠤᠨ ᠬᠥᠮᠦᠵᠢᠯ ᠢᠶᠠᠨ ᠴᠢᠩᠭᠠᠳᠬᠠᠵᠤ᠂ ᠡᠯ᠎ᠡ ᠲᠦᠷᠦᠯ ᠤᠨ ᠲᠠᠪᠴᠠᠩ ᠤᠨ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠪᠠ ᠤᠯᠤᠰ ᠲᠦᠷᠦ ᠶᠢᠨ ᠪᠣᠯᠪᠠᠰᠤᠷᠠᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠪᠢᠷᠠᠭᠤᠯᠤᠨ ᠬᠡᠷᠡᠭᠯᠡᠬᠦ ᠶᠢ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠠᠴᠠ ᠣᠷᠭᠢᠯᠣᠨ ᠪᠠᠳᠠᠷᠠᠭᠰᠠᠨ ᠬᠦᠴᠦᠨ ᠴᠢᠳᠠᠯ ᠪᠣᠯᠤᠨ ᠣᠷᠭᠢᠯᠤᠮ᠎ᠠ ᠰᠡᠳᠬᠢᠯᠭᠡ ᠪᠠᠨ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠥᠨᠳᠥᠷ ᠪᠦᠲᠦᠮᠵᠢᠲᠡᠢ ᠵᠠᠰᠠᠯᠲᠠ ᠶᠢ ᠬᠡᠷᠡᠭᠵᠢᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠬᠠᠢ ᠶᠢᠨ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号