ᠬᠤᠲᠠ ᠶᠢᠨ ᠵᠠᠰᠠᠭ ᠤᠨ ᠣᠷᠳᠣᠨ ᠤ 2021 ᠣᠨ ᠤ 9 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠲᠤᠭᠤᠶᠢᠯᠠᠩ ᠤᠨ ᠠᠵᠢᠯ ᠤᠨ ᠬᠤᠷᠠᠯ ᠬᠤᠷᠠᠯᠳᠣᠪᠠ  ᠶᠠᠩ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/6/7
     6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠵᠠᠰᠠᠭ ᠤᠨ ᠣᠷᠳᠣᠨ ᠤ 2021 ᠣᠨ ᠤ 9 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠲᠤᠭᠤᠶᠢᠯᠠᠩ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠰᠠᠶᠢᠳ ᠯᠢ ᠺᠧ ᠴᠢᠶᠠᠩ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷ ᠠᠰᠠᠭᠤᠳᠠᠯ ᠢᠶᠠᠷ ᠬᠦᠴᠦᠯᠡᠬᠦ ᠴᠡᠭ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠶᠡᠬᠡᠪᠡᠷ ᠠᠬᠢᠭᠤᠯᠵᠤ᠂ ᠪᠦᠬᠦ ᠣᠷᠣᠨ ᠤ ᠬᠢᠨᠠᠨ ᠵᠥᠪᠰᠢᠶᠡᠷᠡᠬᠦ ᠲᠦᠷᠦᠯ ᠵᠦᠢᠯ ᠢᠶᠠᠷ ᠬᠠᠮᠤᠭ ᠤᠨ ᠴᠥᠭᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢᠶᠠᠷ ᠬᠠᠮᠤᠭ ᠤᠨ ᠳᠣᠣᠷ᠎ᠠ ᠬᠤᠳᠠ ᠶᠢ ᠬᠦᠴᠦᠯᠡᠨ ᠪᠠᠶᠢᠭᠤᠯᠬᠤ ᠬᠡᠷᠡᠭᠲᠡᠢ᠃ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠪᠠᠭᠤᠯᠭᠠᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠬᠠᠮᠢᠶᠠᠷᠴᠤ ᠳᠡᠶᠢᠯᠬᠦ᠂ ᠰᠠᠶᠢᠲᠤᠷ ᠬᠠᠮᠢᠶᠠᠷᠬᠤ᠂ ᠡᠷᠬᠡ ᠲᠡᠭᠰᠢ ᠲᠥᠪ ᠭᠤᠣᠯᠴᠢ ᠪᠠᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠲᠦᠷᠭᠡᠳᠬᠡᠨ ᠠᠬᠢᠭᠤᠯᠵᠤ᠂ ᠠᠵᠢᠯ ᠶᠠᠪᠤᠳᠠᠯ ᠬᠦᠢᠴᠡᠳᠭᠡᠬᠦ ᠦᠷ᠎ᠡ ᠪᠦᠲᠦᠮᠵᠢ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠳᠤᠷᠢᠳᠬᠤ ᠺᠠᠳ᠋ᠷ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠲᠠᠢ ᠬᠤᠯᠪᠣᠭᠠᠯᠠᠵᠤ ᠦᠢᠯᠡᠴᠢᠯᠡᠬᠦ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯᠲᠠᠨ ᠢ ᠦᠬᠠᠢ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶ᠎ᠠ ᠬᠦᠰᠦᠨᠦᠭᠲᠦ ᠯᠤᠭ᠎ᠠ ᠴᠢᠩᠭ᠎ᠠ ᠬᠠᠷᠭᠤᠭᠤᠯᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠬᠡᠯᠪᠡᠷᠢᠯ ᠢᠶᠠᠨ ᠵᠠᠯᠠᠷᠠᠭᠤᠯᠵᠤ᠂ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠵᠤ᠂ ᠲᠤᠪᠤᠶᠢᠮ᠎ᠠ ᠠᠰᠠᠭᠤᠳᠠᠯ ᠢ ᠡᠷᠡᠰ ᠬᠦᠴᠦᠲᠡᠢ ᠴᠡᠭᠴᠡᠯᠡᠨ ᠵᠠᠰᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠦᠬᠠᠢ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠯᠪᠤᠭᠳᠠᠯ ᠪᠥᠬᠦᠶ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠱᠠᠯᠠᠪᠳᠠᠨ ᠨᠠᠶᠢᠷᠠᠭᠤᠯᠤᠨ ᠵᠣᠬᠢᠶᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢ ᠪᠠᠷᠢᠮᠲᠠᠯᠠᠨ᠂ ᠬᠠᠲᠤᠨ ᠭᠤᠤᠯ ᠤᠨ ᠦᠬᠠᠶ ᠶᠢᠨ ᠬᠡᠰᠡᠭ ᠤᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠣᠳᠣᠬᠠᠨ ᠤ ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠳᠤᠯᠤᠭ᠎ᠠ ᠶᠢ ᠵᠠᠰᠠᠬᠤ︾ ᠶᠢ ᠤᠯᠠᠨ ᠲᠠᠯ᠎ᠠ ᠪᠠᠷ ᠵᠡᠷᠭᠡᠪᠡᠷ ᠠᠳᠬᠤᠬᠤ᠂ ᠪᠦᠬᠦ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠵᠠᠰᠠᠯᠲᠠ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠵᠠᠰᠠᠯᠲᠠ ᠶᠢᠨ ᠠᠵᠢᠯ ᠢ ᠲᠤᠬᠢᠷᠠᠭᠤᠯᠤᠨ ᠠᠬᠢᠭᠤᠯᠬᠤ ᠬᠤᠷᠠᠯ ᠤᠨ ᠬᠠᠷᠢᠭᠤ ᠲᠤᠰᠬᠠᠬᠰᠠᠨ ᠠᠰᠠᠭᠤᠳᠠᠯ ᠳᠤ ᠲᠥᠪ ᠴᠢᠩᠭ᠎ᠠ ᠨᠠᠷᠢᠨ ᠬᠢᠨᠠᠮᠠᠭᠠᠢ ᠬᠠᠨᠳᠤᠵᠤ᠂ ᠴᠢᠩᠭ᠎ᠠ ᠬᠦᠴᠦᠲᠡᠢ ᠤᠯᠤᠰ ᠲᠦᠷᠦ ᠶᠢᠨ ᠤᠬᠠᠮᠰᠠᠷ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠷᠡᠰ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠤᠬᠢᠷᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠬᠠᠮᠲᠤᠷᠠᠭᠰᠠᠨ ᠳᠠᠶᠢᠯᠠᠯᠳᠤᠭᠠᠨ ᠢ ᠥᠷᠨᠢᠭᠦᠯᠵᠦ᠂ ᠴᠡᠭᠴᠡᠯᠡᠨ ᠵᠠᠰᠠᠬᠤ ᠠᠰᠠᠭᠤᠳᠠᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠠᠵᠢᠯ ᠢ ᠪᠡᠶᠡᠯᠡᠭᠦᠯᠬᠦ ᠪᠠᠷ ᠮᠡᠳᠡᠭᠦᠯᠬᠦ ᠶᠢ ᠨᠠᠷᠢᠨ ᠪᠣᠳᠠᠲᠠᠢ ᠬᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠵᠦᠢᠯ ᠳᠠᠷᠠᠭᠠᠯᠠᠨ ᠰᠤᠳᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠠᠭ ᠤᠨ ᠬᠢᠵᠠᠭᠠᠷ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠴᠡᠭᠴᠡᠯᠡᠨ ᠵᠠᠰᠠᠭᠰᠠᠨ ᠦᠷ᠎ᠡ ᠳ᠋ᠦᠩ ᠨᠢ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ  ᠪᠠᠨ ᠴᠢᠩᠭᠠᠳᠬᠠᠵᠤ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠤᠰᠬᠠᠢ ᠴᠡᠭᠴᠡᠯᠡᠨ ᠵᠠᠰᠠᠬᠤ ᠠᠵᠢᠯ ᠳᠤ ︽ᠡᠷᠬᠢᠨ ᠬᠠᠷᠠᠬᠤ︾ ᠠᠵᠢᠯ ᠢ ᠬᠢᠵᠦ᠂ ᠪᠦᠬᠦ ᠲᠠᠯ᠎ᠠ ᠪᠠᠷ ᠪᠠᠶᠢᠴᠠᠭᠠᠵᠤ ᠳᠤᠲᠠᠭᠤ ᠪᠠᠨ ᠨᠥᠬᠦᠪᠥᠷᠢᠯᠡᠵᠦ᠂ ᠦᠷ᠎ᠡ ᠪᠦᠲᠦᠭᠡᠯ  ᠢᠶᠠᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠬᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号