ᠵᠢᠶᠠ ᠴᠢᠩ ᠳ᠋ᠦᠩ
ᠨᠡᠶᠢᠲᠡᠯᠡᠭᠰᠡᠨ ᠴᠠᠭ᠄
2021/6/8
ᠵᠢᠶᠠ ᠴᠢᠩ ᠳ᠋ᠦᠩ᠄   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠᠲᠤᠰᠢᠶᠠᠯ᠄      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ ᠳᠡᠳ᠋ ᠬᠤᠲᠠ ᠶᠢᠨ ᠳᠠᠷᠤᠭ᠎ᠠ ᠤᠳᠤᠷᠢᠳᠤᠯᠭ᠎ᠠ ᠶᠢᠨ ᠲᠠᠨᠢᠯᠴᠠᠭᠤᠯᠭ᠎ᠠ᠄      ᠵᠢᠶᠠ ᠴᠢᠩ ᠳ᠋ᠦᠩ᠂ ᠡᠷᠡᠭᠲᠡᠶ᠂ ᠮᠣᠩᠭᠤᠯ ᠦᠨᠳᠦᠰᠦᠲᠡᠨ᠂ 1967 ᠣᠨ ᠤ 5 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠬᠤᠷᠴᠢᠨ ᠤ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ 1990 ᠣᠨ ᠤ 7 ᠰᠠᠷ᠎ᠠ ᠳᠤ ᠠᠵᠢᠯ ᠳᠤ ᠣᠷᠣᠵᠤ᠂ 1993 ᠣᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠣᠲᠣ ᠬᠤᠲᠠ ᠶᠢᠨ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠲᠠᠢ᠃      1986.09 — 1990.07  ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠦᠨ ᠤᠬᠠᠭᠠᠨ ᠤ ᠰᠠᠯᠪᠤᠷᠢ ᠶᠢᠨ ᠭᠦᠨ ᠤᠬᠠᠭᠠᠨ ᠤ ᠲᠤᠰᠬᠠᠶ ᠮᠡᠷᠭᠡᠵᠢᠯ ᠳᠤ ᠰᠤᠷᠤᠯᠴᠠᠪᠠ      1990.07 — 1995.05  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠵᠢᠯᠲᠠᠨ          1995.05 — 1996.07  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠰᠣᠶᠣᠯ ᠤᠨ ᠳᠤᠪᠴᠢᠶᠠᠨ ᠤ ᠤᠯᠤᠰ ᠲᠦᠷᠦ ᠶᠢᠨ ᠨᠠᠷᠢᠨ ᠪᠢᠴᠢᠭᠡᠴᠢ ᠶᠢᠨ ᠰᠠᠯᠠᠭᠠᠨ ᠤ ᠳᠡᠳ᠋ ᠳᠠᠷᠤᠭ᠎ᠠ ︵ᠡᠨᠡ ᠬᠤᠭᠤᠴᠠᠭᠠᠨ ᠳᠤ᠄ 1996.05 — 1996.07 ᠲᠦᠷ ᠴᠠᠭ ᠲᠤᠰᠢᠶᠠᠯ ᠡᠭᠦᠷᠭᠡᠯᠡᠨ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ︶          1996.07 — 1999.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠵᠢᠩᠬᠢᠨᠢ ᠰᠠᠯᠠᠭᠠᠨ ᠤ ᠳᠡᠰ︶ ︵ᠡᠨᠡ ᠬᠤᠭᠤᠴᠠᠭᠠᠨ ᠳᠤ᠄ 1997.11 — 1998.05 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠲᠠ ᠶᠢᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠠᠪᠤᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠳᠤ ᠰᠤᠷᠤᠯᠴᠠᠪᠠ︶          1999.02 — 2000.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ︽ᠭᠤᠷᠪᠠ ᠶᠢ ᠡᠷᠬᠢᠮᠯᠡᠬᠦ︾ ᠰᠤᠷᠭᠠᠨ ᠬᠥᠮᠦᠵᠢᠯ ᠤᠨ ᠠᠯᠪᠠᠨ ᠬᠡᠷ ᠲᠤ ᠠᠵᠢᠯᠯᠠᠪᠠ          2000.05 — 2001.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠮᠡᠳᠡᠭᠡ ᠵᠠᠩᠭᠢ ᠪᠠᠶᠢᠴᠠᠭᠠᠨ ᠰᠤᠳᠤᠯᠬᠤ ᠲᠠᠰᠤᠭ ᠤᠨ ᠡᠷᠬᠢᠯᠡᠭᠴᠢ        2001.11 — 2004.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ          2004.06 — 2008.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ︵ᠡᠨᠡ ᠬᠤᠭᠤᠴᠠᠭᠠᠨ ᠳᠤ᠄2006.04 — 2006.09 ᠣᠨ ᠳᠤ ᠲᠦᠷ ᠴᠠᠭ ᠲᠤᠰᠢᠶᠠᠯ ᠡᠭᠦᠷᠭᠡᠯᠡᠨ ᠵᠢᠶᠠᠩᠰᠦ ᠮᠤᠵᠢ ᠶᠢᠨ ᠵᠢᠶᠠᠩᠳᠦ᠋ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠪᠡ︶         2008.06 — 2009.02  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠭᠠᠳᠠᠭᠠᠳᠤ ᠨᠡᠭᠡᠭᠡᠯᠲᠡ ᠶᠢᠨ ᠠᠯᠪᠠᠨ ᠬᠡᠷ ᠤᠨ ᠡᠷᠬᠢᠯᠡᠭᠴᠢ ︵ᠵᠢᠩᠬᠢᠨᠢ ᠭᠠᠵᠠᠷ ᠤᠨ ᠲᠠᠰ᠂ ᠢᠯᠡ ᠪᠠᠷ ᠰᠣᠩᠭᠤᠨ ᠳᠡᠪᠰᠢᠭᠦᠯᠪᠡ︶ ︵2008.03 — 2008.07 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶          2009.02 — 2011.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠤᠳᠠᠯᠳᠤᠭᠠᠴᠢᠨ ᠤᠷᠢᠬᠤ ᠳᠣᠪᠴᠢᠶᠠᠨ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ          2011.09 — 2012.11  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠤᠳᠠᠯᠳᠤᠭᠠᠴᠢᠨ ᠤᠷᠢᠬᠤ ᠳᠣᠪᠴᠢᠶᠠᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ          2012.11 — 2013.07  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠤᠳᠠᠯᠳᠤᠭᠠᠴᠢᠨ ᠤᠷᠢᠬᠤ ᠳᠣᠪᠴᠢᠶᠠᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ          2013.07 — 2017.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠣᠪᠴᠢᠶᠠᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ︵ᠡᠨᠡ ᠬᠤᠭᠤᠴᠠᠭᠠᠨ ᠳᠤ᠄ 2013.09 — 2017.01 ᠴᠢᠩᠬᠤᠸᠠ ᠶᠡᠭᠡ ᠰᠤᠷᠭᠠᠭᠤᠯᠢ ᠶᠢᠨ ᠠᠰᠫᠢᠷᠠᠨᠲ ᠤᠨ ᠠᠩᠭᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ︶          2017.09 — 2017.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠳᠠᠷᠤᠭ᠎ᠠ          2017.10 — 2020.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ          2020.01 — 2020.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ          2020.02 — 2020.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ          2020.05 — 2020.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ          2020.06 — 2021.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ          2021.05 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂  ᠳᠡᠳ᠋ ᠬᠤᠲᠠ ᠶᠢᠨ ᠳᠠᠷᠤᠭ᠎ᠠ   ᠠᠵᠢᠯ ᠤᠨ ᠡᠭᠦᠷᠭᠡ ᠬᠠᠷᠢᠭᠤᠴᠠᠯᠭ᠎ᠠ᠄      ᠬᠤᠳᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠮᠥᠩᠭᠦᠨ ᠭᠦᠢᠯᠭᠡᠭᠡ᠂ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ︶᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠬᠤᠲᠠ ᠶᠢᠨ ᠮᠥᠩᠭᠦᠨ ᠭᠦᠢᠯᠭᠡᠭᠡᠨ ᠤ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠶᠢᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ ᠃ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠴᠡᠷᠢᠭ ᠤᠨ ᠬᠤᠪᠢᠶᠠᠷᠢ ᠲᠣᠭᠤᠷᠢᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠦᠬᠠᠶ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠬᠠᠶ ᠶᠢᠨ ᠪᠠᠶᠢᠴᠠᠭᠠᠯᠲᠠ ᠶᠢᠨ ᠠᠩᠭᠢ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠬᠠᠷᠢᠯᠴᠠᠵᠤ᠂ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ᠂ ᠠᠷᠠᠳ ᠤᠨ ᠪᠠᠩᠬᠢ ᠶᠢᠨ ᠦᠬᠠᠶ ᠬᠤᠲᠠ ᠶᠢᠨ ᠭᠤᠣᠯ ᠰᠠᠯᠪᠤᠷᠢ ᠪᠠᠩᠬᠢ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ᠂ ᠦᠬᠠᠶ ᠪᠠᠩᠬᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠶᠢᠨ ᠦᠬᠠᠶ ᠶᠢᠨ ᠬᠤᠪᠢᠶᠠᠷᠢ ᠺᠣᠮᠫᠠᠨᠢ᠂ ᠬᠥᠮᠦᠨ ᠤ ᠬᠦᠴᠦᠨ ᠤ ᠳᠠᠭᠠᠳᠬᠠᠯ ᠡᠳ᠋ ᠤᠨ ᠵᠠᠰᠠᠭ ᠤᠨ ᠳᠠᠭᠠᠳᠬᠠᠯ ᠤᠨ ᠦᠬᠠᠶ ᠶᠢᠨ ᠬᠤᠪᠢᠶᠠᠷᠢ ᠺᠣᠮᠫᠠᠨᠢ ᠵᠢᠴᠢ ᠬᠤᠲᠠ ᠳᠤ ᠰᠠᠭᠤᠭ᠎ᠠ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号