ᠶᠠᠩ ᠶᠢᠨ ᠪᠦᠬᠦ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠬᠦᠷᠢᠶᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/12
     7 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ ᠪᠦᠬᠦ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠬᠦᠷᠢᠶᠡᠨ ᠤ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠤᠶᠢᠵᠢᠭᠤᠯᠵᠤ᠂ ᠰᠢᠨ᠎ᠡ ᠠᠵᠤ ᠠᠬᠤᠢ ᠶᠢ ᠲᠦᠷᠭᠡᠨ ᠬᠥᠭᠵᠢᠭᠦᠯᠵᠦ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦᠷ ᠨᠡᠮᠡᠷᠢᠯᠡᠵᠦ᠂ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠬᠡᠵᠡᠢ᠃      ᠶᠠᠩ ᠶᠢᠨ ᠨᠡᠷ ᠡᠩ ᠲᠡᠷᠢᠭᠦᠨ ᠳᠤ ᠬᠠᠶ ᠢ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠠᠭᠠᠨ ᠤ ᠬᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠲᠠᠪᠴᠠᠩ ᠳᠤ ᠬᠦᠷᠴᠦ᠂ ᠲᠠᠪᠴᠠᠩ ᠤᠨ ᠡᠵᠡᠩᠨᠡᠯᠲᠡ ᠶᠢᠨ ᠵᠠᠭᠪᠤᠷ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠪᠠᠶᠢᠷᠢ ᠪᠣᠯᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠴᠢᠬᠤᠯᠠ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠣᠯᠭᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠢ ᠴᠣᠭᠴᠠᠯᠠᠬᠤ ᠬᠡᠷᠡᠭᠲᠡᠢ᠃ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠡᠮᠬᠢᠯᠡᠨ ᠲᠢᠭᠯᠡᠵᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠪᠠᠨ ᠬᠦᠴᠦᠷᠭᠡᠭᠵᠢᠬᠦᠯᠬᠦ ᠳᠤ ᠬᠦᠴᠦᠨ ᠢᠶᠠᠨ ᠲᠦᠪᠯᠡᠷᠡᠭᠦᠯᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠬᠡᠷᠡᠭᠯᠡᠭᠡᠨ ᠤ ᠪᠠᠶᠢᠳᠠᠯ ᠢ ᠥᠷᠭᠡᠳᠬᠡᠬᠦ ᠳᠤ ᠬᠦᠴᠦ ᠨᠡᠮᠡᠷᠢᠯᠡᠬᠦ ᠬᠡᠷᠡᠭᠲᠡᠢ᠃ ᠲᠠᠪᠴᠠᠩ ᠤᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠣᠶᠤᠨᠴᠢ ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠨᠡᠪᠲᠡᠷᠡᠬᠦ ᠵᠠᠮ ᠢ ᠨᠡᠪᠲᠡᠷᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠬᠡᠵᠡᠢ᠃      ᠬᠤᠸᠠ ᠱᠧᠩ ᠰᠧᠨ ᠡᠯ ᠸᠧᠢ ᠬᠢᠵᠠᠭᠠᠷᠲᠤ ᠺᠣᠮᠫᠠᠨᠢ ᠳᠤ᠂ ᠶᠠᠩ ᠶᠢᠨ ᠡᠣ ᠮᠤᠤ ᠲᠦᠩ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠲᠤᠰᠬᠠᠢ ᠪᠠᠭ ᠢ ᠪᠠᠶᠢᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠠᠪᠴᠠᠩ ᠤᠨ ᠪᠠᠶᠢᠭᠤᠯᠤᠯᠲᠠ ᠪᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠢ ᠬᠦᠴᠦᠯᠡᠨ ᠨᠡᠶᠢᠳᠬᠡᠵᠦ᠂ ᠠᠯᠤᠰ ᠬᠡᠳᠦ ᠶᠢ ᠪᠣᠳᠣᠯᠬᠢᠯᠠᠨ ᠲᠥᠯᠥᠪᠵᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠦᠬᠦ ᠬᠦᠴᠦᠨ ᠢᠶᠠᠷ ᠢᠶᠠᠨ ᠪᠤᠶᠢᠵᠢᠭᠤᠯᠬᠤ ᠬᠡᠷᠡᠭᠲᠡᠢ ᠬᠡᠵᠡᠢ᠃      ᠵᠢᠤᠢ ᠬᠤᠢ ᠬᠥᠳᠡᠯᠭᠡᠭᠦᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠶᠠᠩ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠡᠯᠧᠺᠲᠷᠣᠨ ᠬᠤᠳᠠᠯᠳᠤᠭᠠᠨ ᠤ ᠪᠦᠯᠬᠦᠮ ᠤᠨ ᠪᠠᠶᠢᠭᠤᠯᠤᠯᠲᠠ᠂ ᠦᠢᠯᠡᠳᠬᠦᠨ ᠤ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠢᠴᠢ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠪᠠᠨ ᠴᠢᠯᠥᠭᠡᠯᠡᠵᠦ᠂ ᠰᠡᠳᠬᠢᠴᠡ ᠪᠠᠨ ᠥᠷᠭᠡᠳᠬᠡᠨ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠰᠡᠳᠬᠢᠬᠦᠶ ᠪᠠᠨ ᠴᠢᠩᠭᠠᠷᠠᠭᠤᠯᠵᠤ᠂ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠭᠠᠷᠳᠠᠨ ᠬᠢᠬᠦ︾ ᠶᠢ ᠪᠠᠷᠢᠮᠲᠠᠯᠠᠨ᠂ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠬᠤᠯᠪᠤᠭᠳᠠᠯ ᠪᠥᠬᠦᠶ ᠠᠵᠢᠯᠯᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠬᠤ ᠬᠡᠷᠡᠭᠲᠡᠶ᠃ ᠪᠠᠶᠢᠳᠠᠯ ᠢ ᠠᠰᠢᠭᠯᠠᠨ ᠬᠦᠴᠦᠯᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠢᠯᠡᠳᠬᠦᠨ ᠤ ᠡᠬᠢ ᠪᠠᠶᠠᠯᠢᠭ ᠢ ᠪᠠᠶᠠᠯᠢᠭᠵᠢᠭᠤᠯᠵᠤ᠂ ︽ᠰᠦᠯᠵᠢᠶᠡᠨ ᠤ ᠣᠳᠣᠨ ᠠᠵᠤ ᠠᠬᠤᠢ︾ ᠪᠣᠯᠤᠨ ᠡᠯᠧᠺᠲᠷᠣᠨ ᠬᠤᠳᠠᠯᠳᠤᠭᠠᠨ ᠤ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠸᠢᠳᠢᠣ᠋ ᠨᠡᠶᠢᠭᠡᠮ ᠤᠨ ᠬᠠᠷᠢᠯᠴᠠᠭᠠᠨ ᠤ ᠲᠠᠪᠴᠠᠩ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠵᠤ᠂ ᠬᠤᠳᠠ ᠶᠢᠨ ᠲᠦᠷᠦᠯ ᠲᠡᠮᠳᠡᠭ ᠤᠨ ᠣᠬᠠᠭᠤᠯᠭ᠎ᠠ ᠪᠠᠨ ᠥᠷᠭᠡᠳᠬᠡᠵᠦ᠂ ᠤᠬᠠᠭᠤᠯᠤᠨ ᠲᠠᠨᠢᠯᠴᠠᠭᠤᠯᠬᠤ ᠠᠵᠢᠯ ᠢᠶᠠᠨ ᠰᠠᠶᠢᠲᠤᠷ ᠬᠢᠵᠦ᠂ ᠦᠬᠠᠢ ᠶᠢᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠬᠡᠵᠡᠢ᠃      ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号