ᠶᠠᠩ ᠶᠢᠨ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/12
     7 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠢᠷᠠᠭᠤ ᠠᠯᠳᠠᠷᠲᠤ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠴᠡᠷᠢᠭ ᠠᠩᠬᠢ ᠣᠷᠣᠨ ᠨᠤᠲᠤᠭ ᠬᠠᠮᠲᠤᠪᠠᠷ ᠪᠠᠶᠢᠭᠤᠯᠬᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠭᠦᠨᠵᠡᠭᠡᠢ ᠠᠬᠢᠭᠤᠯᠵᠤ᠂ ᠭᠠᠷ ᠬᠤᠯᠪᠣᠨ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠬᠡᠵᠡᠢ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠡᡁᠦ᠋ᠸᠧ ᠵᠧᠨ ᠭᠦᠸᠧ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠼᠦᠢ ᠵᠢᠩ ᠸᠧᠨ᠂ ᠬᠤᠳᠠ ᠶᠢᠨ ᠳᠡᠳ᠋ ᠳᠠᠷᠤᠭ᠎ᠠ ᠮᠤᠤ ᠵᠧᠨ ᠬᠠᠢ᠂ ᠴᠢᠶᠣᠤ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠶᠠᠩ ᠶᠢᠨ ᠨᠡᠷ ᠤᠷᠢᠳ ᠬᠤᠵᠢᠳ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠵᠢᠯᠣᠭᠤᠳᠬᠤ ᠲᠠᠰᠤᠭ᠂ ᠪᠠᠭᠠᠵᠢ ᠬᠡᠷᠡᠭᠰᠡᠯ ᠤᠨ ᠬᠥᠮᠥᠷᠭᠡ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ᠂ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠯ ᠠᠮᠢᠳᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠭᠦᠨᠵᠡᠭᠡᠢ ᠤᠢᠢᠯᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠴᠡᠷᠢᠭ ᠤᠨ ᠬᠤᠪᠢᠶᠠᠷᠢ ᠲᠣᠭᠤᠷᠢᠭ ᠤᠨ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠢᠯᠡᠷᠭᠡᠶᠢᠯᠡᠭᠰᠡᠨ ᠨᠢ᠂ ᠤᠯᠠᠨ ᠵᠢᠯ ᠤᠨ ᠲᠤᠷᠰᠢ᠂ ᠦᠬᠠᠢ ᠳᠤ ᠰᠠᠭᠤᠭ᠎ᠠ ᠥᠷᠭᠡᠨ ᠤᠯᠠᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠢᠮᠠᠭᠲᠠ ᠦᠬᠠᠢ ᠶᠢᠨ ᠬᠥᠭᠵᠢᠯᠲᠡ ᠲᠠᠢ ᠰᠡᠳᠬᠢᠯ ᠵᠢᠷᠦᠬᠡ ᠪᠠᠨ ᠬᠤᠯᠪᠣᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠣᠷᠣᠯᠴᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠡᠭᠦᠷᠭᠡᠯᠡᠬᠦ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠠᠷᠠᠳ ᠲᠦᠮᠡᠨ ᠤ ᠬᠡᠦᠬᠡᠳ ᠳᠡᠭᠦᠦ ᠨᠡᠷ ᠴᠡᠷᠢᠭ ᠤᠨ ᠰᠦᠷ ᠵᠢᠪᠬᠤᠯᠠᠩᠲᠤ ᠴᠡᠷᠢᠭ ᠠᠩᠬᠢ᠂ ᠪᠣᠯᠪᠠᠰᠤᠨ ᠴᠡᠷᠢᠭ ᠠᠩᠬᠢ᠂ ᠢᠯᠠᠯᠲᠠ ᠶᠢᠨ ᠴᠡᠷᠢᠭ ᠠᠩᠬᠢ ᠶᠢᠨ ᠰᠠᠶᠢᠨ ᠰᠠᠶᠢᠬᠠᠨ ᠲᠦᠷᠢ ᠲᠥᠷᠬᠦ ᠶᠢ ᠭᠦᠢᠴᠡᠳ ᠢᠯᠡᠷᠡᠭᠦᠯᠪᠡ᠂ ᠠᠳᠡ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠦᠬᠠᠢ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠴᠡᠷᠢᠭ ᠢᠶᠠᠨ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠠᠵᠢᠯ ᠢᠶᠠᠨ ᠴᠢᠩᠭ᠎ᠠ ᠠᠳᠬᠤᠨ ᠪᠣᠳᠠᠲᠠᠢ ᠬᠢᠭᠰᠡᠨ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠦᠢᠯᠡᠴᠢᠯᠡᠬᠦ ᠶᠢ ᠬᠦᠰᠡᠵᠦ ᠪᠠᠶᠢᠨ᠎ᠠ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠶ ᠪᠥᠭᠡᠳ ᠬᠦᠴᠦᠷᠬᠡᠭ ᠶᠡᠭᠡ ᠴᠡᠷᠢᠭ ᠠᠩᠭᠢ ᠪᠣᠯᠤᠨ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠠᠴᠠ ᠴᠤ ᠰᠠᠯᠵᠤ ᠴᠢᠳᠠᠬᠤ ᠦᠭᠡᠶ ᠶᠤᠮ᠃ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠤᠨ ᠴᠡᠷᠢᠭ ᠠᠩᠬᠢ ᠶᠢᠨ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠲᠠᠶᠢᠨ ᠳᠤ ᠪᠡᠯᠡᠳᠬᠡᠵᠦ᠂ ᠴᠡᠷᠢᠭ ᠤᠨ ᠶᠠᠪᠤᠳᠠᠯ ᠤᠨ ᠲᠡᠮᠡᠴᠡᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠢ ᠯᠠᠪᠳᠠᠭᠤᠨ ᠪᠠᠲᠤᠲᠠᠢ ᠠᠬᠢᠭᠤᠯᠵᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠳᠠᠭᠤᠳᠠᠪᠠᠯ ᠢᠷᠡᠬᠦ᠂ ᠢᠷᠡᠪᠡᠯ ᠪᠠᠶᠢᠯᠳᠤᠵᠤ ᠴᠢᠳᠠᠬᠤ᠂ ᠪᠠᠶᠢᠯᠳᠤᠪᠠᠯ ᠵᠠᠪᠠᠯ ᠢᠯᠠᠬᠤ ᠰᠢᠯᠢᠳᠡᠭ ᠴᠡᠷᠢᠭ ᠬᠦᠴᠦᠷᠬᠡᠭ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠤ᠂ ᠴᠡᠷᠢᠭ ᠠᠷᠠᠳ ᠬᠠᠮᠲᠤ ᠪᠠᠷ ᠪᠠᠶᠢᠭᠤᠯᠬᠤ ᠬᠠᠯᠠᠭᠤᠨ ᠵᠣᠷᠢᠭ ᠢ ᠬᠥᠭᠵᠢᠭᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠶ᠃ ᠮᠠᠨ ᠤ ᠬᠤᠲᠠ ᠶᠢᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠪᠣᠳᠠᠲᠠᠶ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠶᠢᠨ ᠵᠣᠪᠠᠨᠢᠯ ᠢ ᠬᠦᠴᠦᠯᠡᠨ ᠠᠷᠢᠯᠭᠠᠵᠤ᠂ ᠪᠠᠲᠤ ᠴᠢᠩᠭ᠎ᠠ ᠥᠮᠥᠭ ᠲᠦᠰᠢᠭ ᠪᠣᠯᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号