ᠶᠠᠩ ᠶᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠡᠭᠦᠷ ᠤᠨ ᠨᠠᠮᠴᠢ ᠴᠢᠨᠠᠷ ᠤᠨ ᠬᠥᠮᠦᠵᠢᠯ ᠤᠨ ᠠᠵᠢᠯᠯᠠᠭ᠎ᠠ ᠳᠤ ᠣᠷᠣᠯᠴᠠᠪᠡ
ᠨᠡᠶᠢᠲᠡᠯᠡᠭᠰᠡᠨ ᠴᠠᠭ᠄
2021/7/12
     7 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠢᠭᠡᠳᠦᠭᠡᠷ᠂ ᠬᠤᠶᠠᠳᠤᠭᠠᠷ ᠡᠭᠦᠷ ᠤᠨ ᠬᠠᠮᠲᠤᠷᠠᠨ ᠥᠷᠨᠢᠭᠦᠯᠦᠭᠰᠡᠨ ᠨᠠᠮᠴᠢ ᠴᠢᠨᠠᠷ ᠤᠨ ᠬᠥᠮᠦᠵᠢᠯ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠬᠤᠳᠠ ᠶᠢᠨ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠤᠨ ᠣᠷᠳᠣᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠰᠤᠷᠤᠯᠴᠠᠵᠤ᠂ ᠨᠠᠮ ᠤᠨ ᠲᠡᠦᠬᠡ ᠶᠢᠨ ᠬᠥᠮᠦᠵᠢᠯ ᠢ ᠤᠯᠠᠮ ᠴᠢᠨᠠᠭᠰᠢᠳᠠ ᠬᠦᠷᠳᠡᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠤᠪᠠ᠃      ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠶᠠ ᠴᠢᠩ ᠳ᠋ᠦᠩ᠂ ᠬᠤ᠋ ᠱᠠᠨ ᠱᠦᠨ᠂ ᠯᠢᠦ ᠰᠣ᠋ ᠬᠤᠩ᠂ ᠯᠢ ᠴᠦᠨ ᠰᠢᠶᠤᠤ᠂ ᠮᠤᠤ ᠵᠧᠨ ᠬᠠᠶ᠂ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠠᠵᠢᠯᠯᠠᠭ᠎ᠠ ᠳᠤ ᠣᠷᠣᠯᠴᠠᠵᠠᠶ᠃      ᠬᠤᠲᠠ ᠶᠢᠨ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠤᠨ ᠣᠷᠳᠣᠨ ᠪᠣᠯ ᠰᠢᠨ᠎ᠡ ᠦᠵᠡᠯ ᠰᠠᠨᠠᠭ᠎ᠠ ᠶᠢ ᠤᠯᠠᠮᠵᠢᠯᠠᠬᠤ᠂ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠬᠤ᠂ ᠨᠠᠮᠴᠢ ᠴᠢᠨᠠᠷ ᠤᠨ ᠬᠥᠮᠦᠵᠢᠯ ᠢ ᠥᠷᠨᠢᠭᠦᠯᠬᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠣᠯᠤᠨ᠎ᠠ᠃ ᠶᠠᠩ ᠶᠢᠨ ᠣᠷᠳᠣᠨ ᠳᠤ ᠬᠦᠷᠴᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ︽ᠤᠭ ᠰᠠᠨᠠᠭ᠎ᠠ ᠪᠠᠨ ᠪᠠᠲᠤ ᠰᠠᠬᠢᠬᠤ︾ ︽ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠬᠤ︾ ︽ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ︽ᠤᠭ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ︾ ︽ᠡᠷᠡᠮᠡᠬᠡᠶᠢᠯᠡᠨ ᠤᠷᠤᠭᠰᠢᠯᠠᠬᠤ︾ ᠵᠡᠷᠭᠡ ᠦᠵᠡᠭᠦᠯᠦᠯᠭᠡ ᠶᠢᠨ ᠲᠣᠭᠤᠷᠢᠭ ᠲᠤ ᠨᠢᠭᠡᠳ ᠨᠢᠭᠡ ᠪᠠᠷ ᠣᠷᠣᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠡᠦᠬᠡ ᠶᠢᠨ ᠬᠤᠪᠢᠰᠤᠯᠲᠠ ᠂ ᠦᠨᠳᠦᠰᠦᠨ ᠵᠢᠷᠤᠮᠵᠢᠯ ᠵᠢᠴᠢ ᠮᠠᠨ ᠤ ᠬᠤᠲᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠪᠠ᠃ ᠳᠠᠷᠠᠭ᠎ᠠ ᠳᠤᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ᠂ ᠶᠠᠩ ᠶᠢᠨ ᠲᠠᠶᠢᠯᠤᠮᠵᠢ ᠶᠢ ᠰᠣᠨᠣᠰᠬᠤ᠂ ᠵᠢᠷᠤᠭ ᠪᠣᠯᠤᠨ ᠸᠢᠳᠢᠣ᠋ ᠶᠢ ᠦᠵᠡᠬᠦ ᠵᠡᠷᠭᠡ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠲᠠᠬᠢᠨ ᠡᠷᠭᠢᠴᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠤᠭᠠᠳ ᠣᠯᠤᠭᠰᠠᠨ ᠠᠭᠤᠤ ᠶᠡᠭᠡ ᠠᠮᠵᠢᠯᠲᠠ ᠶᠢ ᠣᠶᠢᠯᠠᠭᠠᠪᠠ᠃      ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ᠂ ᠶᠠᠩ ᠶᠢᠨ ᠴᠢᠬᠤᠯᠠᠴᠢᠯᠠᠭᠰᠠᠨ ᠨᠢ᠂ ᠪᠦᠬᠦ ᠤᠯᠤᠰ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠭ᠎ᠠ ᠲᠠᠰᠢᠷᠠᠮ ᠳᠤ᠂ ᠬᠤᠳᠠ ᠶᠢᠨ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠤᠨ ᠣᠷᠳᠣᠨ ᠪᠣᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ ᠬᠡᠷᠡᠭᠯᠡᠵᠦ ᠪᠠᠶᠢᠭ᠎ᠠ ᠨᠢ ᠮᠠᠨ ᠤ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠬᠥᠮᠦᠵᠢᠯ ᠬᠢᠬᠦ ᠳᠤ ᠴᠢᠬᠤᠯᠠ ᠵᠢᠭᠰᠠᠭᠠᠯ ᠤᠨ ᠭᠠᠵᠠᠷ ᠬᠠᠩᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠴᠢᠬᠤᠯᠠ ᠲᠠᠪᠴᠠᠩ ᠬᠠᠩᠭᠠᠭᠰᠠᠨ ᠪᠠᠶᠢᠨ᠎ᠠ᠃ ᠤᠯᠤᠰ ᠲᠥᠷᠥ ᠶᠢᠨ ᠴᠢᠳᠠᠪᠬᠢ ᠶᠢ ᠦᠷᠭᠦᠯᠵᠢᠯᠡᠨ ᠳᠣᠪᠤᠶᠢᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠲᠣᠭᠤᠷᠢᠨ ᠦᠵᠡᠵᠦ ᠰᠤᠷᠤᠯᠴᠠᠬᠤ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠠᠪᠴᠠᠩ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠤᠯᠠᠨ ᠬᠡᠯᠪᠡᠷᠢ᠂ ᠤᠯᠠᠨ ᠠᠷᠭ᠎ᠠ ᠵᠠᠮ᠂ ᠤᠯᠠᠨ ᠰᠡᠳᠦᠪ ᠢᠶᠠᠷ ᠠᠭᠤᠯᠭ᠎ᠠ ᠶᠢ ᠪᠠᠶᠠᠯᠢᠭᠵᠢᠭᠤᠯᠤᠨ ᠢᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠤᠯᠠᠮ ᠴᠢᠨᠠᠭᠰᠢᠳᠠ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠢᠲᠡᠭᠡᠯ ᠪᠢᠰᠢᠷᠡᠯ ᠤᠨ ᠰᠠᠭᠤᠷᠢ ᠶᠢ ᠨᠢ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠨᠢ ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠨᠢ ᠪᠠᠲᠤᠳᠬᠠᠬᠤ ᠬᠡᠷᠡᠭᠳᠡᠢ᠃ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠡᠷᠡᠭ ᠢᠶᠠᠷ ᠴᠡᠭᠡᠷᠯᠡᠯ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠴᠢᠩᠭ᠎ᠠ ᠪᠣᠳᠠᠲᠠᠢ ᠨᠢᠭᠡ ᠴᠤᠭᠴᠠᠵᠢᠭᠤᠯᠤᠨ ᠠᠬᠢᠭᠤᠯᠵᠤ᠂ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠦᠨᠡᠨᠬᠦ ᠬᠦᠨᠳᠡᠵᠦ ᠪᠣᠯᠤᠰᠢ ᠦᠭᠡᠢ ᠠᠵᠢᠯᠯᠠᠭ᠎ᠠ ᠶᠢᠨ ᠬᠤᠷᠢᠭ᠎ᠠ ᠱᠤᠭᠤᠮ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ︽ᠲᠦᠷᠪᠡᠨ ᠬᠢᠷᠢ ᠲᠡᠩᠴᠡᠬᠦ︾ ᠪᠠᠷ ᠬᠡᠮᠵᠢᠭᠦᠷ ᠪᠣᠯᠭᠠᠵᠤ᠂ ᠲᠡᠷᠢᠭᠦᠨ ᠤ ᠬᠢ ᠲᠠᠢ ᠬᠠᠷᠢᠴᠠᠭᠤᠯᠤᠨ ᠵᠦᠷᠢᠶ᠎ᠡ ᠪᠠᠨ ᠡᠷᠢᠵᠦ᠂ ᠨᠠᠮ ᠤᠨ ᠲᠡᠦᠬᠡ ᠶᠢ ᠰᠤᠷᠤᠯᠴᠠᠨ ᠤᠬ ᠰᠠᠨᠠᠭ᠎ᠠ ᠪᠠᠨ ᠡᠷᠢᠯᠬᠢᠯᠡᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠢᠮᠠᠭᠲᠠ ᠡᠷᠬᠡ ᠪᠠᠨ ᠭᠤᠣᠯᠴᠢ ᠪᠠᠷ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠦᠯᠦᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠵᠦ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠡᠭᠦᠷᠭᠡ ᠶᠢ ᠦᠨᠡᠨᠬᠦ ᠡᠭᠦᠷᠭᠡᠯᠡᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号