ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 15 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ  ᠤ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/13
     7 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 15 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ︽ᠠᠭᠤᠤ ᠶᠡᠭᠡ ᠢᠷᠠᠭᠤ ᠠᠯᠳᠠᠷ ᠢ ᠪᠠᠲᠤ ᠴᠡᠭᠡᠵᠢᠯᠡᠵᠦ᠂ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠤ ᠶᠡᠭᠡ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠲᠡᠮᠡᠴᠡᠵᠦ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠤᠯᠤᠰ ᠲᠦᠷᠦ ᠬᠠᠤᠯᠢ ᠴᠠᠭᠠᠵᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃      ᠼᠦᠢ ᠵᠢᠩ ᠢᠩ ᠵᠢᠭᠠᠵᠤ ᠭᠠᠷᠭᠠᠭᠰᠠᠨ ᠨᠢ᠂  ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠠᠯᠬᠢ ᠪᠣᠷᠣᠭᠠᠨ ᠳᠤ ᠳᠠᠪᠲᠠᠭᠳᠠᠭᠰᠠᠨ ᠵᠠᠭᠤᠨ ᠵᠢᠯ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠲᠠᠯᠪᠢᠵᠤ ᠦᠢᠯᠡᠰ ᠪᠤᠰᠬᠠᠭᠰᠠᠨ᠂ ᠭᠡᠷᠡᠯ ᠰᠠᠴᠤᠷᠠᠩᠭᠤᠢ ᠵᠠᠭᠤᠨ ᠵᠢᠯ ᠤᠨ ᠲᠡᠮᠡᠴᠡᠯ ᠤᠨ ᠠᠮᠵᠢᠯᠲᠠ ᠶᠢ ᠰᠢᠰᠲ᠋ᠧᠮ ᠲᠠᠢ ᠳ᠋ᠦᠩᠨᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠦᠢᠯᠡᠳᠦᠯᠭᠡ ᠪᠠᠷ ᠡᠭᠦᠳᠦᠨ ᠪᠦᠲᠦᠭᠡᠭᠰᠡᠨ ᠵᠠᠭᠤᠨ ᠵᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠲᠣᠳᠣᠷᠬᠠᠶᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠮ ᠨᠡᠭᠡᠭᠡᠨ ᠤᠷᠤᠭᠰᠢᠯᠠᠬᠤ᠂ ᠢᠷᠡᠭᠡᠳᠦᠢ ᠲᠡᠰᠢ ᠤᠷᠤᠭᠰᠢᠯᠠᠬᠤ ᠵᠠᠭᠤᠨ ᠵᠢᠯ ᠤᠨ ᠠᠤᠭ᠎ᠠ ᠲᠥᠰᠦᠪ ᠢ ᠰᠢᠨᠵᠢᠯᠡᠬᠦ ᠤᠬᠠᠭᠠᠨᠴᠢ ᠪᠠᠷ ᠪᠠᠷᠠᠯᠠᠵᠤ᠂ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠴᠠᠭ ᠦᠶ᠎ᠡ ᠶᠢᠨ ᠬᠦᠴᠦᠷᠬᠡᠭ ᠳᠠᠭᠤᠨ ᠢ ᠴᠤᠤᠷᠢᠶᠠᠲᠤᠭᠤᠯᠪᠠ ᠬᠡᠵᠡᠢ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ  ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯᠪᠡᠭ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠵᠠᠭᠤᠨ ᠵᠢᠯ ᠤᠨ ᠠᠮᠵᠢᠯᠲᠠ ᠳᠤᠮᠳᠠ ᠠᠴᠠ ᠵᠣᠷᠢᠭ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠢ ᠪᠠᠷ ᠴᠤᠤᠷᠢᠶᠠᠲᠤᠨ ᠲᠠᠭᠠᠵᠦ᠂ ᠨᠠᠮ ᠤᠨ ᠠᠭᠤᠤ ᠶᠡᠭᠡ ᠤᠷᠢᠶᠠᠯᠠᠭ᠎ᠠ ᠶᠢ ᠵᠢᠱᠢᠶᠡᠴᠢ ᠪᠠᠷ ᠦᠢᠯᠡᠳᠦᠯᠭᠡᠵᠢᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠪᠤᠢ ᠪᠣᠯᠭᠠᠬᠤ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠶ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠦᠢᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠭᠤᠨ ᠵᠢᠯ ᠤᠨ ᠬᠠᠷᠠᠯᠲᠠ ᠠᠴᠠ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠨᠠᠩ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠲᠠᠶ ᠵᠠᠰᠠᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号