ᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ 2021 ᠣᠨ ᠤ ᠬᠤᠶᠠᠳᠤᠭᠠᠷ ᠣᠳᠠᠭᠠᠨ ᠤ ᠪᠦᠬᠦᠳᠡ ᠬᠤᠷᠠᠯ ᠵᠢᠴᠢ ᠬᠤᠲᠠ ᠶᠢᠨ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/13
     7 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ 2021 ᠣᠨ ᠤ ᠬᠤᠶᠠᠳᠤᠭᠠᠷ ᠣᠳᠠᠭᠠᠨ ᠤ ᠪᠦᠬᠦᠳᠡ ᠬᠤᠷᠠᠯ ᠵᠢᠴᠢ ᠬᠤᠲᠠ ᠶᠢᠨ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠮᠤᠤ ᠵᠧᠨ ᠬᠠᠶ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠤᠤ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠶᠠᠷᠢᠯᠴᠠᠵᠤ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠡᠯ᠎ᠡ ᠨᠢᠭᠡᠴᠡ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠪᠣᠯᠤᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶᠠᠨ  ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠬᠦᠢᠴᠡᠳᠬᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠪᠠ ᠡᠯ᠎ᠡ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠪᠣᠳᠠᠲᠠᠶ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳ᠋ᠦᠩᠨᠡᠨ ᠳᠡᠭᠡᠭᠰᠢᠯᠡᠭᠦᠯᠬᠦ ᠪᠠ ᠲᠦᠷᠢᠮ ᠲᠣᠭᠲᠠᠭᠠᠯ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号