ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠳᠠ ᠲᠣᠭᠤᠷᠢᠭ ᠲᠤ ᠦᠨᠳᠦᠰᠦᠨ ᠱᠠᠲᠤᠨ  ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/14
     7 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠳᠠ ᠲᠣᠭᠤᠷᠢᠭ ᠤᠨ ᠰᠢᠩ ᠹᠦ᠋ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠠᠶᠢᠴᠠᠭᠠᠨ ᠰᠤᠳᠤᠯᠬᠤ ᠪᠣᠯᠪᠠᠰᠤᠷᠠᠯ ᠵᠢᠴᠢ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠰᠥᠩ ᠶᠤᠸᠠᠢ ︽ᠰᠢ ᠶᠢᠨ ᠫᠢᠩ ᠶᠡᠷᠦᠩᠬᠡᠶ ᠱᠦᠵᠢ ᠶᠢᠨ ︿ᠲᠤᠯᠤᠭᠠᠨ ᠰᠠᠷ᠎ᠠ ᠶᠢᠨ ᠨᠢᠭᠡᠨ﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠶ᠎ᠠ︾ ᠬᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠸᠠᠩ ᠭᠠᠢ ᠮᠧᠢ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠠᠷᠢᠯᠴᠠᠬᠤ ᠬᠤᠷᠠᠯ ᠳᠡᠭᠡᠷᠡᠬᠢ ᠣᠶᠢᠯᠠᠭᠠᠯᠲᠠ ᠪᠠᠨ ᠬᠤᠪᠢᠶᠠᠯᠴᠠᠪᠠ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠰᠦᠩ ᠶᠤᠸᠠᠢ ᠭᠤᠷᠪᠠᠨ ᠲᠠᠯ᠎ᠠ ᠠᠴᠠ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠠᠶᠢᠯᠪᠤᠷᠢᠯᠠᠪᠠ᠃ ᠸᠠᠩ ᠭᠠᠢ ᠮᠧᠢ ᠲᠦᠷᠦᠭᠳᠡᠯ ᠢᠶᠠᠨ ᠬᠤᠪᠢᠶᠠᠯᠴᠠᠬᠤ ᠳᠠᠭᠠᠨ ᠬᠡᠯᠡᠭᠰᠡᠨ ᠨᠢ᠂ ᠶᠡᠷᠦᠩᠬᠡᠢ ᠱᠦᠵᠢ ᠶᠢᠨ ᠶᠠᠷᠢᠶᠠᠨ ᠳᠠᠭᠠᠨ ᠤᠯᠠᠨ ᠤᠳᠠᠭ᠎ᠠ ᠠᠷᠠᠳ ᠲᠦᠮᠡᠨ ᠢ ᠳᠤᠷᠠᠳᠴᠤ᠂ ᠠᠷᠠᠳ ᠲᠦᠮᠡᠨ ᠭᠡᠳᠡᠭ ᠢ ᠮᠠᠷᠲᠠᠯ ᠦᠭᠡᠢ ᠳᠤᠷᠠᠰᠤᠨ ᠰᠠᠨᠠᠭᠠᠯᠵᠠᠬᠤ ᠬᠡᠷᠡᠭᠳᠡᠢ ᠬᠡᠵᠡᠢ᠃ ᠡᠨᠡ ᠨᠢ ᠲᠡᠭᠦᠨ ᠳᠤ ᠦᠨᠳᠦᠰᠦᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠤᠯᠤᠭᠰᠠᠨ ᠪᠥᠭᠡᠳ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ ᠥᠪᠡᠷ ᠤᠨ ᠡᠭᠦᠷᠭᠡᠯᠡᠵᠦ ᠪᠠᠶᠢᠭ᠎ᠠ ᠬᠦᠨᠳᠦ ᠡᠭᠦᠷᠭᠡ ᠪᠠᠨ ᠴᠦ ᠮᠡᠳᠡᠷᠡᠭᠦᠯᠦᠭᠰᠡᠨ ᠪᠠᠶᠢᠨ᠎ᠠ᠃      ︽ᠬᠤᠶᠠᠷ ᠪᠠᠭᠰᠢ ᠶᠢᠨ ᠤᠬᠠᠭᠤᠯᠤᠨ ᠲᠠᠶᠢᠯᠪᠤᠷᠢᠯᠠᠭᠰᠠᠨ ᠠᠴᠠ ᠪᠢ ᠶᠡᠷᠦᠩᠬᠡᠢ ᠱᠦᠵᠢ ᠶᠢᠨ ︿ᠳᠤᠯᠤᠭᠠᠨ ᠰᠠᠷ᠎ᠠ ᠶᠢᠨ ᠨᠢᠭᠡᠨ﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠡᠩ ᠭᠦᠨᠵᠡᠭᠡᠢ᠂ ᠨᠡᠩ ᠰᠢᠰᠲ᠋ᠧᠮ ᠲᠠᠢ ᠣᠶᠢᠯᠠᠭᠠᠪᠠ᠂ ᠰᠤᠷᠤᠯᠴᠠᠬᠤ ᠪᠠᠷ ᠳᠠᠮᠵᠢᠨ᠂ ᠪᠢ ᠬᠡᠷᠬᠢᠨ ᠡᠭᠡᠯ ᠪᠣᠷᠣᠭᠵᠢᠭᠤᠨ ᠦᠭᠡ ᠬᠡᠯᠡ ᠪᠠᠷ ᠤᠯᠠᠨ ᠲᠦᠮᠡᠨ ᠳᠤ ᠪᠢᠳᠡᠨ ᠤ ᠬᠥᠭᠵᠢᠨ ᠮᠠᠨᠳᠤᠭᠰᠠᠨ ᠴᠠᠭ ᠦᠶ᠎ᠡ ᠶᠢᠨ ᠵᠣᠯ ᠵᠢᠷᠭᠠᠯ ᠢᠶᠠᠨ ᠠᠮᠢᠳᠤᠯᠢᠭ ᠢᠶᠠᠷ ᠲᠠᠶᠢᠯᠪᠤᠷᠢᠯᠠᠨ ᠥᠭᠴᠦ᠂ ᠤᠯᠠᠨ ᠲᠦᠮᠡᠨ ᠤ ᠥᠨᠢ ᠡᠭᠦᠷᠢᠳᠡ ᠨᠠᠮ ᠢᠶᠠᠨ ᠳᠠᠭᠠᠬᠤ ᠢᠲᠡᠭᠡᠯ ᠵᠣᠷᠢᠭ ᠢ ᠨᠢ ᠤᠯᠠᠮ ᠴᠢᠨᠠᠭᠰᠢᠳᠠ ᠪᠠᠲᠤᠳᠬᠠᠬᠤ ᠢᠳᠡᠭᠡᠯ ᠵᠤᠷᠢᠭ ᠲᠠᠢ ᠪᠤᠯᠵᠠᠢ︾ ᠭᠡᠵᠦ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠮᠢ ᠯᠢ ᠰᠢᠶᠠ ᠬᠡᠯᠡᠪᠡ᠃      ᠤᠬᠠᠭᠤᠯᠤᠨ ᠲᠠᠶᠢᠯᠪᠤᠷᠢᠯᠠᠬᠤ ᠬᠤᠷᠠᠯ ᠤᠨ ᠲᠠᠷᠠᠭ᠎ᠠ᠂ ᠤᠳᠠ ᠲᠣᠭᠤᠷᠢᠭ ᠤᠨ ᠤᠬᠠᠭᠤᠯᠬᠤ ᠬᠡᠯᠲᠡᠰ ᠤᠨ ᠠᠵᠢᠯᠳᠠᠨ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ ᠪᠣᠯᠤᠨ ᠴᠢᠩᠬᠤᠸᠠ ᠶᠡᠭᠡ ᠰᠤᠷᠭᠠᠭᠤᠯᠢ ᠶᠢᠨ ᠳ᠋ᠣᠺᠲ᠋ᠣᠷᠠᠨᠲ ︽ᠦᠬᠠᠢ ᠬᠤᠳᠠ ᠶᠢᠨ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠢᠨ᠎ᠡ ᠶᠢ ᠡᠭᠦᠳᠬᠦ ᠲᠣᠭᠲᠠᠴᠠ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃      ᠪᠦᠬᠦ ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠲᠦᠷᠭᠡᠨ ᠭᠠᠷᠭᠠᠬᠤ ᠶᠢᠨ ᠲᠥᠯᠥᠭᠡ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ 7 ᠰᠠᠷ᠎ᠠ ᠶᠢᠨ 12 ᠠᠴᠠ 16 ᠤ ᠡᠳᠦᠷ ᠪᠣᠯᠲᠠᠯ᠎ᠠ ᠭᠤᠷᠪᠠᠨ ᠲᠤᠭᠤᠷᠢᠭ ᠲᠤ ᠬᠦᠷᠴᠦ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠪᠠᠶᠢᠴᠠᠭᠠᠨ ᠰᠤᠳᠤᠯᠬᠤ ᠪᠣᠯᠪᠠᠰᠤᠷᠠᠯ ᠵᠢᠴᠢ‌ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠭᠤᠷᠪᠠᠨ ᠲᠤᠭᠤᠷᠢᠭ ᠤᠨ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠥᠷᠨᠢᠯᠲᠡ ᠶᠢ ᠠᠬᠢᠭᠤᠯᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号