ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/14
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠤᠳᠤᠷᠢᠳᠬᠤ ᠳᠤᠭᠤᠶᠢᠯᠠᠩ ᠤᠨ 6 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠥᠪᠥᠷ ᠮᠣᠩᠭᠤᠯ ᠳᠤ ᠬᠠᠷᠢᠭᠤ ᠲᠤᠰᠬᠠᠭᠰᠠᠨ ᠬᠢᠨᠠᠨ ᠵᠢᠯᠣᠭᠤᠳᠬᠤ ᠰᠠᠨᠠᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠵᠢᠷᠭᠤᠳᠤᠭᠠᠷ ᠤᠳᠠᠭᠠᠨ ᠤ ᠠᠬᠢᠭᠤᠯᠬᠤ ᠬᠤᠷᠠᠯ ᠵᠢᠴᠢ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠳᠡᠳ᠋ ᠬᠤᠲᠠ ᠶᠢᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠢᠨ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠤᠨ ᠴᠢᠬᠤᠯᠠ ᠴᠢᠨᠠᠷ᠂ ᠲᠥᠪ ᠴᠢᠩᠭ᠎ᠠ ᠴᠢᠨᠠᠷ ᠢ ᠭᠦᠨᠵᠡᠭᠡᠶ ᠲᠠᠨᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠡᠵᠢᠶᠡᠳᠡ ᠬᠤᠶᠢᠷᠭᠤᠰᠢᠬᠤ ᠥᠬᠡᠶ ᠬᠠᠳᠠᠨ ᠵᠣᠷᠢᠭ᠂ ᠪᠤᠴᠠᠯᠲᠠ ᠥᠬᠡᠶ ᠤᠷᠤᠭᠰᠢᠯᠠᠬᠤ ᠡᠷᠴᠢ ᠵᠣᠷᠢᠭ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠣᠮᠤᠭ ᠵᠣᠷᠢᠭ ᠢᠶᠠᠨ ᠢᠮᠠᠭᠲᠠ ᠪᠠᠷᠢᠮᠲᠠᠯᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠲᠥᠪ ᠤᠨ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠤᠯᠠᠮ ᠨᠢᠭᠡ ᠠᠯᠬᠤᠮ ᠪᠠᠷᠢᠮᠵᠢᠶ᠎ᠠ ᠲᠠᠢ ᠬᠠᠷᠭᠤᠭᠤᠯᠵᠤ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠰᠤᠳᠤᠯᠤᠨ ᠨᠠᠷᠢᠯᠢᠬᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠰᠦᠪᠡᠭᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠢᠳᠪᠦᠷᠢᠯᠡᠬᠦ ᠠᠬᠢᠴᠠ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠵᠦ᠂ ᠪᠤᠢ ᠪᠦᠬᠦᠢ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ︽ᠣᠳᠣᠬᠠᠨ ᠤ ᠴᠡᠭᠴᠡᠯᠡᠨ ᠰᠠᠶᠢᠵᠢᠷᠠᠭᠤᠯᠬᠤ ︾ ᠪᠠ ︽ᠤᠷᠳᠤ ᠬᠤᠭᠤᠴᠠᠭ᠎ᠠ ᠪᠠᠷ ᠪᠠᠷᠢᠮᠲᠠᠯᠠᠬᠤ︾ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠲᠦᠷᠢᠮ ᠲᠣᠭᠲᠠᠭᠠᠯ ᠲᠣᠭᠲᠠᠭᠠᠬᠤ ᠶᠢ ᠢᠳᠡᠪᠬᠢᠲᠡᠢ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠵᠠᠰᠠᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠢ ᠬᠡᠵᠡᠢ᠃          ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠤᠭᠤᠷᠢᠭ ᠤᠨ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠰᠢᠭᠤᠳ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠡᠯ᠎ᠡ ᠪᠦᠷᠢᠯᠳᠦᠬᠦᠨ ᠨᠢᠭᠡᠴᠡ ᠬᠠᠮᠵᠢᠯᠴᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠥᠪᠡᠷᠲᠡᠭᠡᠨ ᠵᠠᠰᠠᠬᠤ ᠣᠷᠣᠨ ᠳᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠦᠬᠠᠶ ᠬᠤᠲᠠ ᠶᠢᠨ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠨᠢᠭᠡᠳᠦᠯᠲᠡᠶ ᠲᠥᠯᠥᠪᠯᠡᠨ᠂ ᠨᠢᠭᠡ ᠴᠤᠭᠴᠠᠵᠢᠭᠤᠯᠤᠨ ᠠᠬᠢᠭᠤᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号