7 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ | ᠬᠤᠲᠠ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠦ᠂ ᠂ ᠬᠤᠯᠪᠤᠭᠳᠠᠯ ᠪᠥᠬᠦᠶ ᠬᠦᠷᠢᠶᠡᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠶᠠᠪᠤᠳᠠᠯ ᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ ᠲᠥᠷᠥ ᠪᠠ ᠪᠦᠬᠦ | ᠲᠠᠯ᠎ᠠ ᠶᠢᠨ ᠳᠡᠭᠡᠳᠦ ᠬᠡᠮᠵᠢᠶᠡᠨ ᠠᠴᠠ ᠡᠭᠦᠰᠬᠦ ᠶᠢ ᠪᠠᠷᠢᠮᠲᠠᠯᠠᠵᠤ᠂ ᠮᠠᠨ ᠤ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠠᠮᠢ ᠠᠬᠤᠶ ᠶᠢ ᠤᠷᠢᠳᠠᠪᠡᠷ | ᠪᠣᠳᠤᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠰᠦᠪᠡᠭᠴᠢᠯᠡᠬᠦ ᠲᠠᠯ᠎ᠠ ᠪᠠᠷ ᠣᠷᠣᠰᠢᠵᠤ ᠪᠠᠶᠢᠭ᠎ᠠ ᠵᠥᠷᠢᠶ᠎ᠡ | ᠬᠦᠷᠦᠯᠴᠡᠬᠦ ᠥᠬᠡᠶ ᠲᠠᠯ᠎ᠠ ᠪᠠᠨ ᠭᠦᠨᠵᠡᠭᠡᠶ ᠡᠷᠭᠢᠴᠡᠭᠦᠯᠦᠨ ᠪᠣᠳᠣᠯᠬᠢᠯᠠᠵᠤ᠂ ᠦᠵᠡᠯ ᠰᠠᠨᠠᠭ᠎ᠠ᠂ ᠲᠠᠨᠢᠯᠲᠠ᠂ ᠦᠢᠯᠡ | ᠠᠵᠢᠯᠯᠠᠭ᠎ᠠ ᠶᠢᠨ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢᠶᠠᠨ ᠬᠢᠨᠠᠮᠠᠭᠠᠶ ᠰᠢᠢᠳᠪᠦᠷᠢᠯᠡᠵᠦ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠲᠠᠰᠤᠷᠠᠯᠲᠠ ᠥᠬᠡᠶ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ | ᠳᠥᠯᠭᠢᠨ ᠠᠬᠢᠭᠤᠯᠬᠤ ᠬᠡᠷᠡᠭᠳᠡᠢ ᠬᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠯ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠤᠷᠳᠤ ᠬᠤᠭᠤᠴᠠᠭ᠎ᠠ ᠪᠠᠷ ᠪᠠᠷᠢᠮᠲᠠᠯᠠᠬᠤ | ᠴᠢᠬᠤᠯᠠᠲᠠᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠡᠷᠬᠡᠪᠰᠢ ᠡᠷᠡᠰ ᠪᠠᠲᠤ᠂ ᠲᠡᠷᠡ | ᠴᠢᠭ ᠢᠶᠠᠷ ᠨᠢ ᠬᠢᠵᠦ᠂ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠬᠤᠳᠠ ᠶᠢᠨ ᠲᠡᠰ ᠤᠨ ᠤᠳᠤᠷᠢᠳᠤᠯᠭ᠎ᠠ | ᠢᠯᠠᠩᠭᠤᠶ᠎ᠠ ᠨᠠᠮ ᠵᠠᠰᠠᠭ ᠤᠨ ᠪᠠᠭ ᠤᠨ ᠪᠦᠷᠢᠯᠳᠦᠬᠦᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ | ᠪᠠᠳᠠᠷᠠᠭᠤᠯᠵᠤ᠂ ᠪᠡᠶ᠎ᠡ ᠪᠠᠷ ᠢᠶᠠᠨ ᠰᠤᠳᠤᠯᠤᠨ ᠠᠬᠢᠭᠤᠯᠵᠤ᠂ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ | ᠡᠮᠬᠢᠯᠡᠵᠦ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠬᠡᠷᠡᠭᠲᠡᠢ᠃ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ᠂ ᠬᠠᠷᠢᠭᠤᠴᠠᠭᠤᠯᠬᠤ᠂ ᠨᠠᠷᠢᠨ | ᠲᠠᠩᠰᠠᠵᠢᠭᠤᠯᠬᠤ ᠶᠢ ᠪᠡᠶᠡᠯᠡᠬᠦᠯᠵᠦ᠂ ᠡᠭᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠢ | ᠰᠠᠯᠠᠭ᠎ᠠ ᠮᠥᠴᠢᠷ ᠲᠤ ᠬᠦᠷᠲᠡᠯ᠎ᠡ ᠨᠠᠷᠢᠯᠢᠬᠵᠢᠭᠤᠯᠵᠦ᠂ ᠡᠭᠦᠷᠭᠡ ᠶᠢ ᠠᠵᠢᠯ ᠤᠨ ᠪᠠᠶᠢᠷᠢ ᠳᠤ ᠬᠤᠪᠢᠶᠠᠨ ᠥᠭᠴᠦ᠂ | ᠬᠠᠷᠢᠭᠤᠴᠠᠯᠭ᠎ᠠ ᠶᠢ ᠬᠥᠮᠦᠨ ᠤ ᠲᠣᠭᠠᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ ᠬᠦᠴᠦᠯᠡᠬᠦ ᠪᠠ ᠦᠨᠡᠨ ᠪᠣᠳᠠᠲᠠᠢ ᠶᠢ ᠬᠦᠨᠳᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠣᠩᠭᠤᠯᠲᠠ ᠬᠢᠭᠰᠡᠨ᠂ ᠵᠣᠬᠢᠴᠠᠭᠤᠯᠤᠭᠰᠠᠨ᠂ ᠳᠤᠲᠠᠭᠤ ᠲᠤᠷᠭᠤᠨ | ᠬᠡᠷᠡᠭᠵᠢᠭᠦᠯᠦᠭᠰᠡᠨ ᠬᠥᠮᠦᠨ ᠪᠠ ᠬᠡᠷᠡᠭ ᠶᠠᠪᠤᠳᠠᠯ ᠢ ᠡᠷᠡᠰ ᠵᠠᠯᠬᠠᠭᠠᠨ ᠰᠢᠳᠬᠡᠵᠦ᠂ ᠪᠦᠬᠦ ᠬᠤᠳᠠ ᠶᠢᠨ ᠨᠠᠮ ᠤᠨ | ᠭᠡᠰᠢᠭᠦᠨ ᠺᠠᠳ᠋ᠷᠴᠤᠳ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ | ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠬᠤ ᠬᠡᠷᠡᠭᠲᠡᠢ ᠬᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠪᠠ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠪᠣᠯ ᠴᠢᠬᠤᠯᠠ ᠤᠯᠤᠰ ᠲᠦᠷᠦ ᠶᠢᠨ ᠡᠭᠦᠷᠭᠡ᠂ ᠠᠷᠠᠳ ᠤᠨ ᠠᠮᠢᠳᠤᠷᠠᠯ ᠤᠨ ᠡᠭᠦᠷᠭᠡ | ᠪᠠ ᠬᠥᠭᠵᠢᠯᠲᠡ ᠶᠢᠨ ᠡᠭᠦᠷᠭᠡ ᠪᠣᠯᠤᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ | ᠦᠭᠡᠢ ᠲᠤᠤᠱᠯᠠᠭᠤᠯᠵᠤ᠂ ᠥᠴᠦᠬᠡᠨ ᠴᠦ ᠠᠭᠤᠴᠢᠯᠠᠬᠤ ᠦᠭᠡᠢ ᠣᠪᠣᠷ ᠢ ᠪᠠᠷᠢᠮᠲᠠᠯᠠᠵᠤ᠂ ᠬᠠᠲᠠᠭᠤ ᠠᠷᠭ᠎ᠠ | ᠪᠠᠷᠢᠯ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠩᠭᠤ ᠶᠢᠨ ᠵᠠᠰᠠᠯᠲᠠ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠳᠤᠯᠤᠭ᠎ᠠ ᠶᠢ ᠵᠠᠰᠠᠬᠤ︾ | ᠡᠨᠡᠬᠦ ᠴᠢᠬᠤᠯᠠ ᠭᠠᠷᠳᠠᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮ ᠴᠢᠨᠠᠭᠰᠢᠳᠠ ᠪᠠᠷᠢᠮᠵᠢᠶ᠎ᠠ᠂ ᠳᠦᠷᠢᠮ | ᠲᠣᠭᠲᠠᠭᠠᠯ ᠲᠣᠭᠲᠠᠭᠠᠵᠤ᠂ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠡᠢ᠃ | ᠬᠤᠷᠠᠯ ᠠᠴᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ ᠢ | ᠲᠤᠰᠬᠠᠢ ᠵᠠᠰᠠᠵᠤ ᠪᠠᠶᠢᠴᠠᠭᠠᠨ ᠴᠡᠭᠴᠡᠯᠡᠬᠦ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ | ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠢᠯᠵᠢᠷᠡᠯ ᠤᠨ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ | ᠵᠠᠰᠠᠬᠤ᠂ ᠨᠤᠲᠤᠭ ᠪᠡᠯᠴᠢᠭᠡᠷ ᠤᠨ ᠰᠢᠭᠤᠶᠢᠲᠤ ᠭᠠᠵᠠᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ | ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ᠂ ᠲᠣᠭᠲᠠᠭᠠᠯ ᠠᠴᠠ ᠵᠥᠷᠢᠴᠡᠭᠰᠡᠨ ᠬᠠᠷᠰᠢᠲᠤ ᠰᠠᠭᠤᠴᠠ ᠶᠢᠨ | ᠠᠰᠠᠭᠤᠳᠠᠯ ᠢ ᠪᠠᠶᠢᠴᠠᠭᠠᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠡᠷᠭᠡ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠲᠤᠬᠢᠷᠠᠭᠤᠯᠤᠯᠳᠠ ᠬᠢᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |