ᠭᠤᠷᠪᠠᠳᠤᠭᠠᠷ ᠬᠤᠭᠤᠴᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠮᠣᠩᠭᠤᠯ ᠬᠢᠲᠠᠳ ᠬᠤᠤᠰ ᠬᠡᠯᠡᠨ ᠤ ᠤᠷᠠᠨ ᠪᠢᠴᠢᠯᠭᠡ ᠶᠢᠨ ᠦᠵᠡᠭᠦᠯᠦᠯᠭᠡ ᠶᠠᠪᠤᠭᠳᠠᠪᠠ
ᠨᠡᠶᠢᠲᠡᠯᠡᠭᠰᠡᠨ ᠴᠠᠭ᠄
2021/7/15
     7 ᠰᠠᠷ᠎ᠠ ᠶᠢᠨ 14 ᠤ ᠡᠳᠦᠷ᠂ ᠭᠤᠷᠪᠠᠳᠤᠭᠠᠷ ᠬᠤᠭᠤᠴᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠮᠣᠩᠭᠤᠯ ᠬᠢᠲᠠᠳ ᠬᠤᠤᠰ ᠬᠡᠯᠡᠨ ᠤ ᠤᠷᠠᠨ ᠪᠢᠴᠢᠯᠭᠡ ᠶᠢᠨ ᠦᠵᠡᠬᠦᠯᠦᠯᠭᠡ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠢ᠂ ᠬᠤᠳᠠ ᠶᠢᠨ ᠳᠡᠳ᠋ ᠳᠠᠷᠤᠭ᠎ᠠ ᠬᠤᠤ ᠰᠢ ᠬᠤᠩ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ ᠦᠵᠡᠬᠦᠯᠦᠯᠭᠡ ᠳᠤ ᠣᠷᠣᠯᠴᠠᠪᠠ᠃      ᠤᠷᠠᠨ ᠪᠢᠴᠢᠯᠭᠡ ᠶᠢᠨ ᠦᠵᠡᠭᠦᠯᠦᠯᠭᠡ ᠨᠢ ︽ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠨᠡᠶᠢᠲᠡ 110 ᠬᠤᠪᠢ ᠮᠣᠩᠭᠤᠯ ᠬᠢᠲᠠᠳ ᠬᠤᠣᠰ ᠬᠡᠯᠡᠨ ᠤ ᠤᠷᠠᠨ ᠪᠢᠴᠢᠯᠭᠡ ᠶᠢᠨ ᠪᠦᠲᠦᠭᠡᠯ ᠢ ᠳᠡᠯᠭᠡᠨ ᠦᠵᠡᠭᠦᠯᠵᠦ᠂ ᠦᠵᠡᠭᠦᠯᠦᠯᠭᠡ ᠨᠢ 15 ᠡᠳᠦᠷ ᠦᠷᠭᠦᠯᠵᠢᠯᠡᠬᠦ ᠪᠣᠯᠤᠨ᠎ᠠ᠃ ᠤᠷᠠᠨ ᠪᠢᠴᠢᠯᠭᠡ ᠶᠢᠨ ᠦᠵᠡᠭᠦᠯᠦᠯᠭᠡ ᠳᠤ ᠨᠢᠭᠡᠳᠦᠭᠡᠷ ᠳᠡᠰ ᠤᠨ ᠱᠠᠩᠨᠠᠯ ᠳᠤ ᠬᠤᠶᠠᠷ ᠨᠡᠷᠡᠰ᠂ ᠬᠤᠶᠠᠳᠤᠭᠠᠷ ᠳᠡᠰ ᠤᠨ ᠱᠠᠩᠨᠠᠯ ᠳᠤ ᠲᠦᠷᠪᠡᠨ ᠨᠡᠷᠡᠰ᠂ ᠭᠤᠷᠪᠠᠳᠤᠭᠠᠷ ᠳᠡᠰ ᠤᠨ ᠱᠠᠩᠨᠠᠯ ᠳᠤ ᠵᠢᠷᠭᠤᠭᠠᠨ ᠨᠡᠷᠡᠰ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ ᠨᠢᠭᠡ ᠨᠢᠭᠡᠴᠡ ᠶᠢ ᠰᠢᠯᠭᠠᠷᠠᠭᠤᠯᠵᠠᠶ᠃      ᠲᠣᠰ ᠤᠳᠠᠭᠠᠨ ᠤ ᠤᠷᠠᠨ ᠪᠢᠴᠢᠯᠭᠡ ᠶᠢᠨ ᠦᠵᠡᠭᠦᠯᠦᠯᠭᠡ ᠶᠢ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠲᠠ ᠶᠢᠨ ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠤᠨ ᠮᠣᠩᠭᠤᠯ ᠬᠢᠲᠠᠳ ᠬᠠᠮᠲᠤᠷᠠᠭᠰᠠᠨ ᠰᠣᠯᠢᠯᠴᠠᠭᠠᠨ ᠤ ᠲᠥᠪ ᠠᠴᠠ ᠳᠠᠭᠠᠭᠠᠴᠢᠯᠠᠨ ᠡᠷᠭᠢᠯᠡᠵᠡᠶ᠂ ᠡᠨᠡ ᠨᠢ ᠤᠷᠠᠨ ᠪᠢᠴᠢᠯᠭᠡ ᠶᠢᠨ ᠦᠵᠡᠭᠦᠯᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠪᠥᠬᠦ ᠬᠤᠲᠠ ᠶᠢᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠣᠯᠤᠭᠰᠠᠨ ᠠᠮᠵᠢᠯᠲᠠ ᠪᠦᠲᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠶᠢᠨ ᠲᠦᠯᠦᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号