2021 ᠣᠨ ᠤ ᠳᠥᠷᠪᠡᠳᠦᠭᠡᠷ ᠬᠤᠭᠤᠴᠠᠭᠠᠨ ᠤ ᠣᠯᠠᠨ ᠲᠦᠮᠡᠨᠴᠢ ᠴᠢᠨᠠᠷᠲᠠᠶ ᠴᠡᠷᠢᠭ ᠤᠨ ᠪᠣᠯᠪᠠᠰᠤᠷᠠᠯ ᠴᠡᠷᠢᠭ ᠤᠨ ᠡᠷᠳᠡᠮ ᠤᠨ ᠮᠥᠷᠦ᠋ᠢᠴᠡᠭᠡᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2021/7/15
     7 ᠰᠠᠷ᠎ᠠ ᠶᠢᠨ 14 ᠤ ᠡᠳᠦᠷ᠂ 2021 ᠣᠨ ᠤ ᠮᠠᠨ ᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠣᠯᠠᠨ ᠲᠦᠮᠡᠨᠴᠢ ᠴᠢᠨᠠᠷᠲᠠᠶ ᠴᠡᠷᠢᠭ ᠤᠨ ᠪᠣᠯᠪᠠᠰᠤᠷᠠᠯ ᠴᠡᠷᠢᠭ ᠤᠨ ᠡᠷᠳᠡᠮ ᠤᠨ ᠮᠥᠷᠦ᠋ᠢᠴᠡᠭᠡᠨ ᠤ ᠠᠵᠢᠯᠯᠠᠭ᠎ᠠ ᠬᠤᠲᠠ ᠶᠢᠨ ᠠᠷᠠᠳ ᠤᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠡᡁᠦ᠋ᠸᠧ ᠵᠧᠨ ᠭᠦᠸᠧ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠼᠦᠢ ᠵᠢᠩ ᠸᠧᠨ ᠠᠵᠢᠯᠯᠠᠭ᠎ᠠ ᠳᠤ ᠣᠷᠣᠯᠴᠠᠪᠠ᠃      ᠴᠡᠷᠢᠭ ᠤᠨ ᠲᠤᠭ ᠨᠠᠮᠢᠷᠠᠨ᠂ ᠪᠠᠶᠢᠯᠳᠤᠭᠠᠨ ᠤ ᠬᠡᠩᠭᠡᠷᠭᠡ ᠶᠢᠨ ᠳᠠᠭᠤᠨ ᠳᠠᠭᠤᠷᠢᠰᠤᠨ᠎ᠠ᠃ ᠲᠤᠰ ᠡᠳᠦᠷ ᠤᠨ ᠵᠡᠪᠰᠡᠭ ᠤᠨ ᠮᠥᠷᠦ᠋ᠢᠴᠡᠭᠡᠨ ᠤ ᠤᠷᠤᠯᠳᠤᠭᠠᠨ ᠳᠤ᠂ 51 ᠰᠢᠯᠢᠳᠡᠭ ᠡᠷᠦᠬᠡ ᠶᠢᠨ ᠴᠡᠷᠢᠭ ᠤᠷᠤᠯᠳᠤᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠴᠤᠭ ᠵᠢᠪᠬᠤᠭ᠎ᠠ ᠪᠠᠨ ᠭᠠᠶᠢᠬᠠᠭᠤᠯᠵᠤ ᠠᠦ᠋ᠲ᠋ᠤ᠋ ᠶᠠᠪᠠᠭᠠᠨ ᠫᠤᠤ ᠶᠢᠨ ᠨᠠᠷᠢᠯᠢᠭ ᠫᠤᠤᠳᠠᠯᠭ᠎ᠠ᠂ 84 — A ᠲᠠᠰᠤᠭ ᠤᠨ ᠮᠠᠶᠢᠬᠠᠨ ᠪᠤᠰᠬᠠᠬᠤ ᠪᠠ ᠬᠤᠷᠢᠶᠠᠬᠤ᠂ ᠭᠠᠷᠨᠠᠲᠠ ᠰᠢᠳᠡᠬᠦ᠂ ᠭᠠᠭᠴᠠ ᠴᠡᠷᠢᠭ ᠤᠨ ᠪᠠᠶᠢᠯᠳᠤᠬᠤ ᠠᠷᠭ᠎ᠠ ᠶᠢᠨ ᠬᠥᠳᠡᠯᠭᠡᠭᠡᠨ᠂ ᠵᠢᠯᠣᠭᠤᠴᠢ ᠤᠢᠭᠡᠢ ᠨᠢᠰᠬᠡᠯ ᠢᠶᠠᠷ ᠲᠡᠩᠨᠡᠬᠤ᠂ ᠵᠡᠮ ᠲᠡᠭᠡᠭᠡᠪᠦᠷᠢ᠂ ᠡᠮ ᠡᠮᠨᠡᠯᠭᠡ ᠶᠢᠨ ᠠᠪᠤᠷᠠᠯᠳᠠ᠂ ᠭᠠᠯ ᠲᠣᠭᠤᠭᠠᠨ ᠤ ᠶᠠᠪᠤᠳᠠᠯ᠂ ᠮᠡᠳᠡᠭᠡ ᠬᠤᠯᠪᠣᠭᠠᠨ ᠤ ᠪᠠᠲᠤᠯᠠᠭ᠎ᠠ ᠵᠡᠷᠭᠡ ᠮᠥᠷᠦ᠋ᠢᠴᠡᠭᠡᠨ ᠤ ᠵᠦᠢᠯ ᠨᠢ ᠮᠠᠨ ᠤ ᠬᠤᠳᠠ ᠶᠢᠨ ᠡᠷᠦᠭᠡ ᠶᠢᠨ ᠴᠡᠷᠢᠭ ᠤᠨ ᠪᠣᠯᠪᠠᠰᠤᠷᠠᠯ ᠤᠨ ᠬᠢᠷᠢ ᠬᠡᠮᠵᠢᠶ᠎ᠡ ᠪᠣᠯᠤᠨ ᠬᠡᠪ ᠴᠢᠨᠠᠷ ᠢ ᠲᠥᠪᠯᠡᠷᠡᠭᠦᠯᠦᠨ ᠢᠯᠡᠷᠡᠭᠦᠯᠵᠦ᠂ ᠲᠡᠳᠡᠠ ᠤ ᠡᠩ ᠤᠨ ᠦᠶ᠎ᠡ ᠳᠤ ᠦᠢᠯᠡᠴᠢᠯᠡᠵᠦ ᠴᠢᠳᠠᠬᠤ᠂ ᠪᠠᠴᠢᠮ ᠦᠶ᠎ᠡ ᠳᠤ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ᠂ ᠲᠡᠶᠢᠠ ᠤ ᠦᠶ᠎ᠡ ᠳᠤ ᠪᠠᠶᠢᠯᠳᠤᠭᠠᠨ ᠳᠤ ᠣᠷᠣᠯᠴᠠᠵᠤ ᠴᠢᠳᠠᠬᠤ ᠠᠤᠭ᠎ᠠ ᠬᠦᠴᠦᠨ ᠢ ᠢᠯᠡᠷᠡᠭᠦᠯᠦᠭᠰᠡᠨ ᠪᠠᠶᠢᠨ᠎ᠠ᠃      ᠴᠡᠷᠢᠭ ᠤᠨ ᠡᠷᠳᠡᠮ ᠤᠨ ᠮᠥᠷᠦ᠋ᠢᠴᠡᠭᠡᠨ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠂ ᠵᠢᠩᠬᠢᠨᠢ ᠠᠯᠪᠠᠨ ᠤ ᠬᠥᠮᠦᠰ ᠪᠦᠭᠦᠳᠡᠭᠡᠷ ᠢᠶᠠᠨ ᠴᠡᠷᠢᠭ ᠤᠨ ᠡᠷᠳᠡᠮ ᠤᠨ ᠮᠥᠷᠦ᠋ᠢᠴᠡᠭᠡᠨ ᠳᠤ ᠣᠷᠣᠯᠴᠠᠬᠤ ᠰᠢᠯᠭᠠᠯᠲᠠ ᠶᠢᠨ ᠬᠡᠯᠪᠡᠷᠢ ᠪᠠᠷ 3000 ᠮᠧᠲᠷ ᠤᠨ ᠬᠦᠩᠭᠡᠠ ᠵᠡᠪᠰᠡᠭ ᠤᠨ ᠬᠠᠷᠪᠤᠯᠲᠠ᠂ ᠭᠠᠷᠨᠠᠲᠠ ᠰᠢᠳᠡᠯᠲᠡ᠂ ᠲᠠᠶᠢᠴᠢᠯᠠᠯᠳᠡ ᠶᠢᠨ ᠵᠢᠷᠤᠭ ᠲᠡᠮᠳᠡᠭ ᠵᠢᠷᠣᠬᠤ ᠵᠡᠷᠭᠡ 4 ᠲᠦᠷᠦᠯ ᠬᠤᠪᠢᠶᠠᠵᠠᠢ︔ ᠡᠭᠦᠨ ᠳᠤ ᠴᠡᠷᠢᠭ ᠤᠨ ᠡᠷᠳᠡᠮ ᠤᠨ ᠮᠥᠷᠦ᠋ᠢᠴᠡᠭᠡᠨ ᠤ ᠤᠷᠤᠯᠳᠤᠭᠠᠨ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ ᠰᠢᠯᠢᠳᠡᠭ ᠡᠷᠦᠬᠡ ᠶᠢᠨ ᠴᠡᠷᠢᠭ ᠲᠤ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠪᠠᠶᠢᠭᠤᠯᠵᠤ᠂ ᠵᠢᠯᠣᠭᠤᠴᠢ ᠦᠭᠡᠶ ᠨᠢᠰᠬᠡᠯ ᠢᠶᠠᠷ ᠲᠠᠩᠨᠠᠬᠤ᠂ ᠵᠠᠮ ᠲᠡᠭᠡᠭᠡᠪᠦᠷᠢ᠂ ᠮᠡᠳᠡᠭᠡ ᠬᠤᠯᠪᠣᠭᠠᠨ ᠤ ᠪᠠᠲᠤᠯᠠᠭ᠎ᠠ᠂ ᠡᠮᠴᠢᠯᠡᠭᠡᠨ ᠤ ᠠᠪᠤᠷᠠᠨ ᠲᠤᠰᠠᠯᠠᠯᠲᠠ᠂ ᠭᠠᠯ ᠲᠣᠭᠤᠭᠠᠨ ᠤ ᠠᠵᠢᠯ ᠵᠡᠷᠭᠡ 6 ᠲᠦᠷᠦᠯ ᠬᠤᠪᠢᠶᠠᠵᠠᠢ᠃      ᠲᠤᠰ ᠤᠳᠠᠭ᠎ᠠ ᠶᠢᠨ ᠮᠥᠷᠦ᠋ᠢᠴᠡᠭᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠰᠲ᠋ᠧᠮ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ᠮᠥᠨ ᠴᠦ ᠥᠷᠭᠡᠨ ᠣᠯᠠᠨ ᠡᠷᠦᠬᠡ ᠶᠢᠨ ᠴᠡᠷᠢᠭ ᠪᠠ ᠵᠢᠩᠬᠢᠨᠢ ᠠᠯᠪᠠᠨ ᠤ ᠬᠥᠮᠦᠰ ᠤᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢ ᠨᠡᠮᠡᠭᠳᠡᠭᠦᠯᠵᠦ᠂ ᠳᠠᠶᠢᠴᠢᠨ ᠬᠦᠴᠦᠨ ᠤ ᠪᠦᠷᠢᠯᠳᠦᠯ ᠪᠠ ᠬᠥᠭᠵᠢᠯᠲᠡ ᠶᠢ ᠠᠬᠢᠭᠤᠯᠬᠤ ᠴᠢᠬᠤᠯᠠ ᠠᠯᠬᠤᠮ ᠳᠠᠷᠠᠭ᠎ᠠ ᠮᠥᠨ᠂ ᠨᠡᠩ ᠴᠤ ᠮᠠᠨ ᠤ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠨᠢᠭᠡ ᠤᠳᠠᠭᠠᠨ ᠤ ᠪᠣᠳᠠᠲᠤ ᠰᠢᠯᠭᠠᠯᠲᠠ ᠪᠠ ᠭᠦᠢᠴᠡᠳ ᠢᠯᠡᠷᠡᠭᠦᠯᠦᠯ ᠮᠥᠨ᠃ ᠡᠭᠦᠨ ᠤ ᠬᠠᠮᠲᠤ ᠪᠠᠰᠠ ᠡᠷᠦᠬᠡ ᠶᠢᠨ ᠴᠡᠷᠢᠭ ᠤᠨ ᠡᠩᠨᠡᠭᠡᠨ ᠤ ᠴᠡᠷᠢᠭ ᠪᠣᠯᠪᠠᠰᠤᠷᠠᠭᠤᠯᠬᠤ ᠬᠠᠯᠠᠭᠤᠨ ᠰᠡᠳᠬᠢᠯᠭᠡ ᠶᠢ ᠪᠦᠲᠦᠮᠵᠢᠲᠡᠶ ᠪᠠᠷ ᠬᠥᠭᠵᠢᠭᠡᠵᠦ᠂ ᠡᠷᠦᠬᠡ ᠶᠢᠨ ᠴᠡᠷᠢᠭ ᠤᠨ ᠡᠩᠨᠡᠭᠡᠨ ᠤ ᠰᠠᠶᠢᠨ ᠰᠠᠶᠢᠬᠠᠨ ᠤᠷᠤᠯᠳᠤᠭᠠᠨ ᠤ ᠬᠢᠷᠢ ᠬᠡᠮᠵᠢᠶ᠎ᠡ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠴᠡᠷᠢᠭ ᠤᠨ ᠡᠷᠳᠡᠮ ᠢᠶᠠᠷ ᠰᠤᠷᠭᠠᠭᠤᠯᠢᠯᠠᠯ ᠢ ᠠᠬᠢᠭᠤᠯᠵᠤ᠂ ᠴᠡᠷᠢᠭ ᠤᠨ ᠡᠷᠳᠡᠮ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号