ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠵᠢᠯᠣᠭᠤᠳᠪᠠ
ᠨᠡᠶᠢᠲᠡᠯᠡᠭᠰᠡᠨ ᠴᠠᠭ᠄
2021/7/15
     7 ᠰᠠᠷ᠎ᠠ ᠶᠢᠨ 14 ᠤ ᠡᠳᠦᠷ᠂ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ ᠶᠢᠰᠦᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠵᠣᠣ ᠮᠢᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ ᠤᠯᠠᠨ ᠢᠶᠠᠷ ᠢᠶᠠᠨ ᠨᠢᠭᠡᠳᠦᠯᠳᠡᠢ ᠦᠵᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ᠂ ᠠᠯᠤᠰ ᠬᠡᠳᠤ ᠶᠢᠨ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ ᠬᠤᠷᠴᠠ ᠴᠢᠩᠭ᠎ᠠ ᠲᠡᠦᠬᠡᠲᠦ ᠡᠭᠦᠷᠭᠡᠯᠡᠯ᠂ ᠠᠷᠠᠳ ᠲᠦᠮᠡᠨ ᠤ ᠲᠥᠯᠥᠭᠡ ᠵᠢᠳᠬᠦᠬᠦ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠶᠤᠮ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠲᠦᠷᠭᠡᠨ ᠨᠢᠭᠡᠳᠬᠡᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠤᠬ ᠰᠠᠨᠠᠭ᠎ᠠ ᠪᠠᠨ ᠦᠯᠦ ᠮᠠᠷᠲᠠᠵᠤ᠂ ᠨᠠᠮ ᠳᠠᠭᠠᠨ ᠬᠥᠮᠦᠨ ᠬᠥᠮᠦᠵᠢᠭᠦᠯᠬᠦ᠂ ᠤᠯᠤᠰ ᠲᠠᠭᠠᠨ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠴᠢᠨᠠᠭᠰᠢᠳᠠ ᠪᠠᠲᠤᠳᠬᠠᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢᠶᠠᠨ ᠦᠷᠭᠦᠯᠵᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠳᠡᠭᠡᠳᠦ ᠰᠤᠷᠭᠠᠭᠤᠯᠢ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ︽ᠶᠢᠰᠦᠨ ᠡᠷᠬᠡᠪᠰᠢ︾ ᠶᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠠᠭᠤᠤ ᠶᠡᠭᠡ ᠤᠷᠢᠶᠠᠯᠠᠭ᠎ᠠ ᠶᠢ ᠡᠷᠡᠰ ᠴᠤᠤᠷᠢᠶᠠᠲᠤᠨ ᠳᠠᠭᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠡᠬᠢᠯᠡᠭᠦᠯᠬᠦ ᠰᠢᠨ᠎ᠡ ᠠᠶᠠᠨ ᠵᠠᠮ ᠳᠤ᠂ ᠨᠡᠩ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号