ᠬᠤᠲᠠ ᠶᠢᠨ ᠵᠠᠰᠠᠭ ᠤᠨ ᠣᠷᠳᠣᠨ ᠪᠣᠯᠤᠨ ᠲᠠᠢ ᠫᠢᠩ ᠶᠠᠩ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/7/16
     7 ᠰᠠᠷ᠎ᠠ ᠶᠢᠨ 15 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠣᠯᠤᠨ ᠲᠠᠢ ᠫᠢᠩ ᠶᠠᠩ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠶᠠᠷᠢᠯᠴᠠᠬᠤ ᠬᠤᠷᠠᠯ ᠬᠤᠷᠠᠯᠳᠣᠭᠤᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠲᠤᠬᠠᠶ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠲᠠᠢ ᠫᠢᠩ ᠶᠠᠩ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠶᠠᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠣᠷᠣᠯᠴᠠᠪᠠ᠃      ᠶᠠᠩ ᠶᠢᠨ ᠶᠠᠨ ᠬᠤᠤ ᠨᠠᠷ ᠤᠨ ᠮᠠᠨ ᠤ ᠬᠤᠳᠠ ᠳᠤ ᠢᠷᠡᠵᠤ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠴᠤ ᠂ ᠤᠯᠤᠯᠴᠠᠨ ᠰᠣᠯᠢᠯᠴᠠᠵᠤ᠂ ᠬᠠᠮᠲᠤᠷᠠᠯᠴᠠᠨ ᠬᠥᠭᠵᠢᠬᠦ ᠶᠢ ᠬᠠᠮᠲᠤᠪᠠᠷ ᠡᠷᠢᠯᠬᠢᠯᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠬᠤᠳᠠ ᠶᠢᠨ ᠦᠨᠳᠦᠰᠦᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠦᠬᠠᠶ ᠬᠤᠲᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ ᠶᠢ ᠪᠡᠶᠡᠯᠡᠭᠦᠯᠬᠦ ᠶᠢ ᠳᠥᠯᠭᠢᠨ ᠠᠬᠢᠭᠤᠯᠪᠡ᠃ ᠲᠠᠢ ᠫᠢᠩ ᠶᠠᠩ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠨᠢ ᠳᠡᠯᠡᠬᠡᠢ ᠶᠢᠨ ᠨᠡᠷᠡᠳᠦ 500 ᠬᠦᠴᠦᠷᠬᠡᠭ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠬᠦᠷᠢᠶᠡᠨ ᠳᠤ ᠲᠤᠷᠰᠢᠯᠭ᠎ᠠ ᠶᠢᠨ ᠳᠠᠪᠠᠭᠤᠯᠢᠭ ᠲᠠᠢ ᠶᠤᠮ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ᠂ ᠪᠢᠨ ᠡᡁᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠦᠯᠲᠡ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠨᠡᠶᠢᠯᠡᠯᠲᠡ ᠶᠢᠨ ᠴᠢᠭ ᠢᠶᠠᠨ ᠣᠨᠣᠪᠴᠢᠲᠠᠢ ᠣᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠤᠶᠠᠷ ᠲᠠᠯ᠎ᠠ ᠶᠢᠨ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠬᠤ ᠶᠢ ᠬᠦᠰᠡᠵᠦ ᠬᠡᠵᠡᠢ᠃      ᠶᠠᠨ ᠬᠤᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠤᠨ ᠬᠦᠷᠢᠶ᠎ᠡ ᠵᠢᠴᠢ ᠺᠣᠮᠫᠠᠨᠢ ᠶᠢᠨ ᠳᠠᠪᠠᠭᠤᠯᠢᠭ ᠢᠶᠠᠨ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠲᠠᠢ ᠫᠢᠩ ᠶᠠᠩ ᠪᠦᠳᠦᠬᠡᠨ ᠪᠠᠶᠢᠭᠤᠯᠤᠯᠲᠠ ᠶᠢᠨ ᠪᠦᠯᠦᠭᠯᠡᠯ ᠥᠩᠭᠡᠷᠡᠭᠰᠡᠨ ᠲᠠᠢ ᠪᠠᠨ ᠠᠳᠠᠯᠢ ᠪᠠᠷ ᠡᠬᠢ ᠪᠠᠶᠠᠯᠢᠭ᠂ ᠤᠶᠤᠨ ᠤᠬᠠᠭᠠᠨ᠂ ᠬᠦᠷᠦᠩᠬᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠪᠠᠷ ᠪᠣᠳᠠᠲᠠᠢ ᠶᠢ ᠡᠷᠬᠢᠮᠯᠡᠨ ᠤᠯᠤᠯᠴᠠᠵᠤ᠂ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠵᠤ᠂ ᠡᠷᠲᠡᠬᠡᠨ ᠬᠠᠮᠲᠤᠷᠠᠯᠴᠠᠭᠠᠨ ᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠬᠤᠳᠠ ᠶᠢᠨ ᠪᠦᠳᠦᠬᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号