ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/7/16
     7 ᠰᠠᠷ᠎ᠠ ᠶᠢᠨ 15 ᠤ ᠡᠳᠦᠷ᠂ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ ᠣᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠿᠧᠨ ᠸᠧᠨ ᠢ᠂ ᠯᠢᠦ ᠵᠢᠶ ᠭᠤᠤ᠂ ᠪᠠᠶ ᠬᠠᠶ ᠿᠦᠩ᠂ ᠦ᠋ ᠰᠢᠶᠤᠤ ᠾᠦᠢ᠂ ᠸᠠᠩ ᠶᠢᠨ᠂ ᠸᠧᠶ ᠠᠶ ᠯᠢᠨ ᠪᠣᠯᠤᠨ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 30 ᠬᠥᠮᠦᠨ ᠬᠤᠷᠠᠯ ᠳᠤ ᠣᠷᠣᠯᠴᠠᠵᠠᠶ᠃ ᠬᠤᠲᠠ ᠶᠢᠨ ᠳᠡᠳ᠋ ᠳᠠᠷᠤᠭ᠎ᠠ ᠯᠢᠦ ᠰᠣ᠋ ᠬᠤᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ︽ᠨᠢᠭᠡ ᠬᠠᠤᠯᠢ ᠨᠢᠭᠡ ᠠᠷᠭ᠎ᠠ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ︽ᠨᠢᠭᠡ ᠬᠠᠤᠯᠢ ᠨᠢᠭᠡ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︔ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ  ᠢᠶᠠᠨ ᠪᠠᠳᠠᠷᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠵᠤ ᠪᠠᠲᠤᠯᠠᠪᠠ᠃ ᠬᠤᠷᠠᠯ ᠠᠴᠠ ᠪᠠᠰᠠ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠥᠬᠦᠶ ᠵᠦᠢᠯᠡᠰ ᠢ ᠪᠠᠲᠤᠯᠠᠪᠠ᠃      ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠪᠠᠨ ᠪᠦᠷᠢᠨᠰᠢᠬᠦᠯᠦᠨ᠂ ᠡᠮᠡᠭᠲᠡᠶᠢᠴᠦᠳ ᠤᠨ ᠤᠯᠤᠰ ᠲᠥᠷᠥ᠂ ᠰᠣᠶᠣᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠳ᠋ ᠬᠥᠷᠥᠩᠭᠡ ᠵᠡᠷᠭᠡ ᠡᠯ᠎ᠡ ᠵᠦᠢᠯ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠶ︔ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠨᠡᠩ ᠬᠦᠴᠦᠲᠡᠶ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢ ᠬᠠᠩᠭᠠᠬᠤ ᠪᠠᠷ ᠴᠢᠷᠮᠠᠶᠢᠬᠤ ᠬᠡᠷᠡᠭᠲᠡᠶ︔ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︔ ᠵᠥᠷᠢᠴᠡᠯ ᠢ ᠰᠢᠢᠳᠪᠦᠷᠢᠯᠡᠬᠦ ᠤᠯᠠᠨ ᠡᠰᠢᠲᠦ ᠲᠣᠭᠲᠠᠴᠠ ᠪᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠤᠯᠢᠵᠢᠯ ᠤᠨ ᠤᠬᠠᠭᠤᠯᠭ᠎ᠠ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠨᠡᠩ ᠲᠣᠭᠲᠠᠭᠤᠨ᠂ ᠡᠷᠬᠡ ᠲᠡᠭᠰᠢ᠂ ᠢᠯᠡ ᠲᠣᠳᠣ ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠬᠡᠵᠡᠢ᠃      ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠵᠢᠴᠢ ᠪᠠᠶᠢᠭᠤᠯᠭ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠠᠭᠤᠯᠭ᠎ᠠ ᠪᠣᠯᠭᠠᠵᠤ᠂ ᠭᠤᠣᠯ ᠠᠭᠤᠯᠭ᠎ᠠ ᠶᠢ ᠨᠢ ᠣᠨᠣᠪᠴᠢᠲᠠᠢ ᠡᠵᠡᠮᠰᠢᠵᠦ᠂ ᠤᠶᠤᠨ ᠰᠠᠨᠠᠭᠠᠨ ᠤ ᠬᠦᠴᠦᠨ ᠢ ᠨᠢ ᠭᠦᠢᠴᠡᠳ ᠰᠢᠩᠭᠡᠭᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠷᠢ ᠳᠤ ᠰᠠᠭᠤᠷᠢᠯᠠᠵᠤ᠂ ᠡᠷᠬᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠠᠮᠵᠢᠯᠲᠠ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠡᠢ᠃      ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠬᠥᠮᠦᠰ ᠬᠤᠷᠠᠯ ᠳᠤ ᠰᠤᠯᠠ ᠣᠷᠣᠯᠴᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号