ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠲᠠᠮᠢᠷ ᠤᠨ ᠴᠤᠭᠯᠠᠭᠠᠨ ᠤ ᠣᠯᠠᠨ ᠲᠦᠮᠡᠨ ᠤ ᠤᠷᠤᠯᠳᠤᠭᠠᠨ ᠤ ᠲᠣᠤᠷ ᠪᠥᠮᠪᠦᠭᠡ ᠶᠢᠨ ᠤᠷᠤᠯᠳᠤᠭᠠᠨ ᠤ ᠲᠦᠷᠦᠯ ᠤᠨ ᠥᠪᠥᠷ ᠮᠣᠩᠭᠤᠯ ᠤᠨ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/7/19
      7 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠢ ᠪᠥᠬᠦ ᠤᠯᠤᠰ ᠤᠨ ᠪᠡᠶ᠎ᠡ ᠲᠠᠮᠢᠷ ᠤᠨ ᠴᠤᠭᠯᠠᠭᠠᠨ ᠳᠤ ᠣᠷᠣᠯᠴᠠᠵᠤ ᠪᠥᠬᠦ ᠠᠷᠠᠳ ᠢᠶᠠᠷ ᠢᠶᠠᠨ ᠬᠥᠳᠡᠯᠦᠯᠴᠡᠶ᠎ᠡ︾ ᠭᠡᠬᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠲᠠᠮᠢᠷ ᠤᠨ ᠴᠤᠭᠯᠠᠭᠠᠨ ᠤ ᠣᠯᠠᠨ ᠲᠦᠮᠡᠨ ᠤ ᠤᠷᠤᠯᠳᠤᠭᠠᠨ ᠤ ᠲᠣᠤᠷ ᠪᠥᠮᠪᠦᠭᠡ ᠶᠢᠨ ᠤᠷᠤᠯᠳᠤᠭᠠᠨ ᠤ ᠲᠦᠷᠦᠯ ᠤᠨ ᠰᠢᠯᠭᠠᠷᠠᠭᠤᠯᠬᠤ ᠤᠷᠤᠯᠳᠣᠭᠠᠨ ᠮᠠᠨ ᠤ ᠬᠤᠳᠠ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠵᠢᠶ ᠭᠤᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠶᠣᠤ ᠢᠦᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠮᠧᠩ ᠵᠢᠶᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠰᠢᠯᠭᠠᠷᠠᠭᠤᠯᠬᠤ ᠤᠷᠤᠯᠳᠤᠭᠠᠨ ᠤ ᠴᠠᠭ ᠨᠢ 7 ᠰᠠᠷ᠎ᠠ ᠶᠢᠨ 16 ᠤ ᠡᠳᠦᠷ ᠠᠴᠠ 17 ᠤ ᠡᠳᠦᠷ᠂ ᠤᠷᠤᠯᠳᠤᠭᠠᠨ ᠤ ᠵᠦᠢᠯ ᠢ ᠡᠷᠡᠭᠲᠡᠶ ᠶᠢᠨ ᠭᠠᠭᠴᠠᠭᠠᠷ ᠤᠨ ᠲᠡᠮᠡᠴᠡᠭᠡᠨ᠂ ᠡᠮᠡᠭᠲᠡᠶ ᠶᠢᠨ ᠭᠠᠭᠴᠠᠭᠠᠷ ᠤᠨ ᠲᠡᠮᠡᠴᠡᠭᠡᠨ᠂ ᠡᠷᠡᠭᠲᠡᠶ ᠶᠢᠨ ᠬᠤᠤᠰᠯᠠᠯ ᠲᠡᠮᠡᠴᠡᠭᠡᠨ ᠪᠠ ᠡᠮᠡᠭᠲᠡᠶ ᠶᠢᠨ ᠬᠤᠤᠰᠯᠠᠯ ᠲᠡᠮᠡᠴᠡᠭᠡᠨ ᠭᠡᠵᠦ ᠳᠥᠷᠪᠡᠨ ᠲᠥᠷᠥᠯ ᠳᠤ ᠠᠩᠭᠢᠯᠠᠪᠡ᠃ ᠤᠷᠤᠯᠳᠤᠭᠠᠨ ᠤ ᠲᠦᠷᠢᠮ ᠲᠣᠭᠲᠠᠭᠠᠯ ᠶᠣᠰᠣᠭᠠᠷ᠂ ᠡᠯ᠎ᠡ ᠲᠥᠷᠥᠯ ᠤᠨ ᠲᠦᠷᠦᠭᠦᠤ ᠬᠤᠶᠠᠷ ᠲᠠᠮᠢᠷᠴᠢᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠲᠠᠮᠢᠷ ᠤᠨ ᠴᠤᠭᠯᠠᠭᠠᠨ ᠤ ᠣᠯᠠᠨ ᠲᠦᠮᠡᠨ ᠤ ᠤᠷᠤᠯᠳᠤᠭᠠᠨ ᠤ ᠲᠣᠤᠷ ᠪᠥᠮᠪᠦᠭᠡ ᠶᠢᠨ ᠤᠷᠤᠯᠳᠤᠭᠠᠨ ᠤ ᠲᠦᠷᠦᠯ ᠤᠨ ᠪᠡᠯᠡᠳᠬᠡᠯ ᠤᠷᠤᠯᠳᠤᠭᠠᠨ ᠳᠤ ᠣᠷᠣᠯᠴᠠᠬᠤ ᠪᠣᠯᠤᠨ᠎ᠠ᠃      ᠲᠤᠰ ᠣᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠢ ᠡᠪᠯᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠥᠬᠡᠬᠤᠲᠠ᠂ ᠪᠤᠭᠤᠲᠤ᠂ ᠤᠯᠠᠭᠠᠨᠬᠠᠳᠠ᠂ ᠦᠬᠠᠢ ᠵᠡᠷᠭᠡ 7 ᠲᠥᠯᠥᠭᠡᠯᠡᠭᠴᠢ ᠶᠢᠨ ᠠᠩᠬᠢ ᠶᠢᠨ ᠵᠠᠭᠤ ᠰᠢᠬᠠᠮ ᠲᠠᠮᠢᠷᠴᠢᠨ ᠤᠷᠤᠯᠳᠤᠭᠠᠨ ᠳᠤ ᠣᠷᠣᠯᠴᠠᠵᠠᠢ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号