ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ 2021 ᠣᠨ ᠤ 13 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/19
     7 ᠰᠠᠷ᠎ᠠ ᠶᠢᠨ 16 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2021 ᠣᠨ ᠤ 13 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠲᠥᠪ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠬᠠᠢ ᠶᠢᠨ ᠠᠵᠢᠯ ᠢ ᠤᠬᠠᠮᠰᠠᠷ ᠠᠴᠠ ᠪᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠪᠠ ᠠᠷᠭ᠎ᠠ ᠰᠦᠪᠡᠭᠴᠢᠯᠡᠵᠦ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠦᠨᠳᠦᠰᠦᠨ ᠭᠠᠷᠬᠤ ᠵᠠᠮ ᠪᠣᠯᠭᠠᠬᠤ ᠬᠡᠷᠡᠭᠲᠡᠢ᠃ ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠰᠦᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠬᠦᠭᠡᠷᠦᠮᠵᠢᠳᠤ ᠲᠠᠷᠢᠶᠠᠯᠠᠩ᠂ ᠤᠨᠴᠠᠯᠢᠬᠳᠤ ᠲᠠᠷᠢᠶᠠᠯᠠᠩ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠦᠷ᠎ᠡ ᠪᠤᠶᠢᠵᠢᠭᠤᠯᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠬᠤᠳᠠᠯ ᠬᠠᠭᠤᠷᠮᠠᠭ ᠴᠢᠨᠠᠷ ᠮᠠᠭᠤᠲᠠᠢ᠂ ᠫᠠᠶᠢᠰᠠ ᠳᠠᠮᠯᠠᠨ ᠡᠷᠬᠡ ᠳᠤ ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ᠦᠷ᠎ᠡ ᠶᠢᠨ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽1+7︾ ᠠᠵᠢᠯ ᠤᠨ ᠲᠥᠰᠦᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠂ ᠭᠠᠵᠠᠷ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠪᠦᠬᠦ ᠣᠷᠣᠨ ᠤ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠬᠥᠬᠢᠭᠦᠯᠦᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢᠶᠠᠷ ᠳᠠᠭᠤᠷᠢᠶᠠᠯ ᠪᠣᠯᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠷᠭᠠᠭᠤ ᠬᠠᠲᠠᠭᠤᠵᠢᠯᠲᠠᠢ ᠪᠦᠭᠡᠳ ᠪᠣᠳᠠᠲᠠᠢ ᠠᠵᠢᠯᠯᠠᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠨᠡᠩ ᠥᠨᠳᠥᠷ ᠪᠠᠷᠢᠮᠵᠢᠶ᠎ᠠ ᠪᠠᠷ ᠨᠡᠩ ᠴᠢᠩᠭ᠎ᠠ ᠱᠠᠭᠠᠷᠳᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠬᠤ ᠪᠠᠷ ᠴᠢᠷᠮᠠᠶᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠥᠨᠢ ᠡᠭᠦᠷᠢᠳᠡ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ ᠴᠢᠨᠠᠷ ᠢᠶᠠᠨ ᠪᠠᠲᠤᠯᠠᠬᠤ ᠬᠡᠷᠡᠭᠲᠡᠢ᠃ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢᠨ᠎ᠡ ᠴᠠᠭ ᠦᠶ᠎ᠡ ᠶᠢᠨ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠦᠢᠯᠡᠴᠢᠯᠡᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠰᠠᠨᠠᠭᠠᠴᠢᠯᠠᠭ᠎ᠠ ᠠᠴᠠ ᠪᠠᠨ ᠴᠢᠷᠮᠠᠶᠢᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ᠃ ᠬᠤᠷᠠᠯ ᠠᠴᠠ ᠵᠢᠭᠠᠵᠤ ᠭᠠᠷᠭᠠᠭᠰᠠᠨ  ᠨᠢ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠳᠦᠷᠪᠡ ᠶᠢ ᠬᠠᠶᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠪᠠᠨ ᠪᠦᠷᠢᠨᠰᠢᠬᠦᠯᠵᠦ᠂ ᠬᠤᠶᠢᠰᠢᠳᠠ ᠶᠢᠨ ᠲᠡᠳᠬᠦᠮᠵᠢ ᠶᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠢ ᠨᠡᠩ ᠦᠷᠭᠦᠯᠵᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠷᠠᠳ ᠢ ᠪᠠᠶᠠᠵᠢᠭᠤᠯᠤᠨ ᠲᠣᠰᠬᠤᠨ ᠢ ᠬᠥᠭᠵᠢᠭᠦᠯᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠳᠠᠶᠢᠴᠢᠯᠠᠬᠤ ᠬᠡᠷᠡᠭᠲᠡᠢ᠃ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠬᠥᠳᠡᠭᠡ ᠲᠣᠰᠬᠤᠨ ᠢ ᠬᠦᠴᠦᠯᠡᠨ ᠴᠣᠭᠴᠠᠯᠠᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号