ᠦᠪᠦᠷ ᠮᠤᠩᠭᠤᠯ ᠨᠢᠩᠰᠢᠶᠠ ᠶᠢᠨ ᠲᠠᠪᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠵᠢᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/7/19
     7 ᠰᠠᠷ᠎ᠠ ᠶᠢᠨ 16 ᠤ ᠡᠳᠦᠷ᠂ ᠦᠪᠦᠷ ᠮᠤᠩᠭᠤᠯ ᠨᠢᠩᠰᠢᠶᠠ ᠶᠢᠨ ᠲᠠᠪᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠵᠢᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠳᠡᠳ᠋ ᠳᠠᠷᠤᠭ᠎ᠠ ᠰᠢᠤᠢ ᠨᠧᠩ ᠾᠦᠸᠧ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠢᠷᠭᠠᠢ ᠬᠤᠲᠠ᠂ ᠬᠠᠷ᠎ᠠ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠵᠢᠴᠢ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶᠠᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠠᠴᠠ ᠠᠮᠠᠷᠬᠠᠨ ᠡᠭᠦᠰᠬᠦ ᠭᠠᠮᠰᠢᠭ᠂ ᠠᠳᠡᠯ ᠤᠨ ᠲᠥᠷᠥᠯ ᠵᠦᠢᠯ ᠵᠢᠴᠢ ᠠᠶᠤᠯ ᠠᠴᠠ ᠠᠪᠤᠷᠠᠨ ᠲᠤᠰᠠᠯᠠᠬᠤ ᠭᠤᠤᠯ ᠡᠩᠨᠡᠭᠡ᠂ ᠲᠣᠨᠤᠭ ᠲᠥᠬᠦᠭᠡᠷᠦᠮᠵᠢ᠂ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠥᠷᠰᠢ ᠵᠡᠷᠭᠡᠯᠡᠳᠡᠭᠡ ᠲᠠᠪᠤᠨ ᠬᠤᠲᠠ ᠶᠢᠨ ᠬᠠᠮᠲᠤᠷᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠵᠢᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠬᠠᠮᠲᠤ ᠪᠠᠷ ᠭᠠᠷ ᠤᠨ ᠥᠰᠥᠭ ᠵᠢᠷᠤᠪᠠ᠃      ᠰᠢᠤᠢ ᠨᠧᠩ ᠾᠦᠸᠧ ᠶᠠᠷᠢᠶᠠᠨ ᠳᠠᠭᠠᠨ ᠬᠡᠯᠡᠭᠰᠡᠨ ᠨᠢ᠂ ᠥᠪᠥᠷ ᠮᠣᠩᠭᠤᠯ ᠨᠢᠩᠰᠢᠶᠠ ᠲᠠᠪᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠵᠢᠯᠴᠠᠭᠠᠨ ᠤ ᠪᠣᠷᠣ ᠲᠥᠯᠥᠪ ᠢ ᠪᠠᠶᠢᠭᠤᠯᠤᠭᠰᠠᠨ ᠶᠠᠪᠤᠳᠠᠯ ᠪᠣᠯ ᠥᠪᠥᠷ ᠮᠣᠩᠭᠤᠯ ᠨᠢᠩᠰᠢᠶᠠ ᠬᠤᠶᠠᠷ ᠣᠷᠣᠨ ᠤ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠭᠦᠨᠵᠡᠭᠡᠶ ᠤᠶᠠᠯᠳᠤᠯ ᠢ ᠳᠥᠯᠭᠢᠨ ᠠᠬᠢᠭᠤᠯᠬᠤ ᠶᠢᠨ ᠠᠮᠤᠷ ᠲᠦᠪᠰᠢᠨ ᠤ ᠰᠠᠭᠤᠷᠢ ᠮᠥᠨ᠃ ᠲᠠᠪᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠬᠠᠮᠵᠢᠯᠴᠠᠭᠠᠨ ᠤ ᠪᠣᠷᠣ ᠲᠥᠯᠥᠪ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠲᠠᠪᠤᠨ ᠬᠤᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠪᠡᠯᠡᠳᠬᠡᠯ ᠲᠥᠰᠦᠯ ᠤᠨ ᠵᠣᠯᠭᠠᠯᠴᠠᠭ᠎ᠠ᠂ ᠮᠡᠷᠭᠡᠵᠢᠯ ᠤᠨ ᠬᠤᠯᠪᠣᠯᠳᠤᠯ᠂ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠵᠢᠯᠴᠠᠨ ᠰᠢᠢᠳᠪᠦᠷᠢᠯᠡᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠰᠢᠰᠲ᠋ᠧᠮ ᠬᠡᠰᠡᠭ ᠤᠶᠠᠯᠳᠤᠭᠰᠠᠨ᠂ ᠣᠷᠣᠨ ᠪᠦᠰᠡ ᠬᠠᠮᠵᠢᠯᠴᠠᠭᠰᠠᠨ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠣᠷᠣᠨ ᠪᠦᠰᠡ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠵᠢᠯᠴᠠᠨ ᠰᠡᠷᠭᠡᠶᠢᠯᠡᠨ ᠠᠷᠢᠯᠭᠠᠵᠤ᠂ ᠥᠪᠥᠷ ᠮᠣᠩᠭᠤᠯ ᠨᠢᠩᠰᠢᠶᠠ ᠬᠤᠶᠠᠷ ᠣᠷᠣᠨ ᠤ ᠨᠡᠶᠢᠭᠡᠮ ᠤᠨ ᠬᠥᠭᠵᠢᠯ ᠪᠠᠳᠠᠷᠠᠯ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠤᠯᠭᠠᠬᠤ ᠬᠡᠷᠡᠭᠳᠡᠢ ᠬᠡᠵᠡᠢ᠃      ᠬᠡᠯᠡᠯᠴᠡᠭᠡᠷ ᠤᠨ ᠶᠣᠰᠣᠭᠠᠷ᠂ ᠲᠠᠪᠤᠨ ᠬᠤᠳᠠ ᠶᠢᠨ ᠬᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠮᠡᠳᠡᠭᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠠᠮᠵᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢ ᠵᠣᠯᠭᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠡᠬᠢ ᠪᠠᠶᠠᠯᠢᠭ ᠤᠨ ᠬᠤᠯᠪᠣᠯᠳᠤᠨ ᠨᠡᠪᠲᠡᠷᠡᠯᠴᠡᠬᠦ᠂ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ᠂ ᠭᠡᠨᠡᠳᠲᠡ ᠶᠢᠨ ᠬᠡᠷᠡᠭ ᠢ ᠬᠠᠮᠵᠢᠯᠴᠠᠨ ᠠᠷᠭᠠᠴᠠᠭᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠭᠠᠵᠠᠷ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠢ ᠬᠠᠮᠲᠤᠪᠠᠷ ᠬᠠᠮᠠᠭᠠᠯᠠᠬᠤ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号