ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠭᠦᠸᠧ ᠰᠢᠤᠸᠠᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠯᠤᠭ᠎ᠠ ᠶᠠᠷᠢᠯᠴᠠᠬᠤ ᠬᠤᠷᠠᠯ ᠬᠤᠷᠠᠯᠳᠣᠭᠤᠯᠪᠠ  ᠲᠠᠩ ᠢ  ᠶᠠᠩ ᠶᠢᠨ ᠣᠷᠣᠯᠴᠠᠵᠠᠢ
ᠨᠡᠶᠢᠲᠡᠯᠡᠭᠰᠡᠨ ᠴᠠᠭ᠄
2021/7/19
     7 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠭᠦᠸᠧ ᠰᠢᠤᠸᠠᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠵᠧᠨ ᠨᠡᠷ ᠲᠠᠢ ᠶᠠᠷᠢᠯᠴᠠᠬᠤ ᠬᠤᠷᠠᠯ ᠬᠤᠷᠠᠯᠳᠣᠭᠤᠯᠵᠣ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠶᠠᠩ ᠶᠢᠨ ᠶᠠᠷᠢᠯᠴᠠᠬᠤ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠯᠢ ᠴᠦᠨ ᠰᠢᠶᠤᠤ ᠶᠠᠷᠢᠯᠴᠠᠬᠤ ᠬᠤᠷᠠᠯ ᠢ ᠡᠷᠭᠢᠯᠡᠪᠡ᠃      ᠲᠠᠩ ᠢ ᠯᠢ ᠵᠧᠨ ᠨᠡᠷ ᠤᠨ ᠦᠬᠠᠢ ᠬᠤᠳᠠ ᠳᠤ ᠰᠢᠨᠵᠢᠯᠡᠨ ᠪᠠᠶᠢᠴᠠᠭᠠᠵᠤ ᠰᠣᠯᠢᠯᠴᠠᠬᠤ ᠠᠵᠢᠯ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠠᠩ ᠢ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠦᠬᠠᠢ ᠬᠤᠳᠠ ᠶᠢᠨ ᠬᠢᠨ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠢᠳᠡᠪᠬᠢᠲᠡᠢ ᠰᠦᠪᠡᠭᠴᠢᠯᠡᠵᠦ ᠪᠠᠶᠢᠨ᠎ᠠ᠃ ᠭᠦᠸᠧ ᠰᠢᠤᠸᠠᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠣᠯ ᠤᠯᠤᠰ ᠤᠨ ᠳᠣᠲᠣᠭᠠᠳᠤ ᠶᠢᠨ ᠰᠢᠨ᠎ᠡ ᠡᠨᠧᠷᠭᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ᠎ᠠ᠂ ᠭᠦᠸᠧ ᠰᠢᠤᠸᠠᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠠᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠬᠦᠷᠢᠶᠡᠨ ᠳᠤ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠨᠢ ᠦᠬᠠᠢ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠢ ᠢᠳᠡᠪᠬᠢᠲᠡᠢ ᠠᠳᠬᠤᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠪᠠᠷ ᠦᠬᠠᠢ ᠳᠤ ᠨᠤᠲᠤᠭᠰᠢᠬᠤ ᠶᠢ ᠠᠬᠢᠭᠤᠯᠵᠤ᠂ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠰᠢᠨ᠎ᠡ ᠶᠢ ᠡᠭᠦᠳᠬᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠠᠷᠢᠯᠴᠠᠨ ᠠᠰᠢᠭ ᠬᠦᠷᠳᠡᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠭᠦᠸᠧ ᠰᠢᠤᠸᠠᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠬᠢᠨ ᠰᠢᠨ᠎ᠡ ᠡᠨᠧᠷᠭᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠲᠦᠷᠭᠡᠨ ᠪᠠᠶᠢᠭᠤᠯᠬᠤ ᠶᠢ ᠬᠦᠰᠡᠵᠦ ᠪᠠᠶᠢᠨ᠎ᠠ᠃ ᠦᠬᠠᠢ ᠬᠤᠳᠠ ᠶᠢᠨ ᠬᠢᠨ ᠬᠠᠮᠤᠭ ᠤᠨ ᠶᠡᠭᠡ ᠬᠠᠯᠠᠭᠤᠨ ᠰᠡᠳᠬᠢᠯᠭᠡ᠂ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠰᠠᠶᠢᠨ ᠣᠷᠴᠢᠨ ᠲᠣᠭᠤᠷᠢᠨ᠂ ᠬᠠᠮᠤᠭ ᠤᠨ ᠥᠨᠳᠥᠷ ᠦᠷ᠎ᠡ ᠪᠦᠲᠦᠮᠵᠢ ᠪᠠᠷ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠬᠠᠮᠠᠭᠠᠯᠠᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠪᠣᠯᠤᠨ᠎ᠠ ᠬᠡᠵᠡᠢ᠃      ᠯᠢ ᠵᠧᠨ ᠭᠦᠸᠧ ᠰᠢᠤᠸᠠᠨ ᠤ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠲᠦᠢᠮᠣ ᠪᠠᠶᠢᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠪᠠᠨ ᠲᠠᠨᠢᠯᠴᠠᠭᠤᠯᠤᠭᠰᠠᠨ ᠪᠥᠭᠡᠳ ᠦᠬᠠᠢ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠯᠢ ᠵᠧᠨ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠠᠵᠤ ᠦᠢᠯᠡᠳᠪᠦᠷᠢ ᠶᠢᠨ ᠰᠠᠭᠤᠷᠢ ᠵᠤᠵᠠᠭᠠᠨ᠂ ᠠᠵᠤ ᠦᠢᠯᠡᠰ ᠤᠨ ᠳᠠᠪᠠᠭᠤᠯᠢᠭ ᠲᠤᠪᠤᠶᠢᠮ᠎ᠠ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠺᠣᠮᠫᠠᠨᠢ ᠶᠢᠨ ᠬᠢᠨ ᠲᠤᠰ ᠪᠡᠶ᠎ᠡ ᠶᠢᠨ ᠪᠡᠯᠡ ᠮᠥᠩᠭᠦ᠂ ᠴᠢᠳᠠᠪᠤᠷᠢᠲᠠᠨ᠂ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠬᠤᠳᠠ ᠯᠤᠭ᠎ᠠ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠵᠤ᠂ ᠡᠷᠲᠡᠬᠡᠨ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠦᠬᠠᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号