7 ᠰᠠᠷ᠎ᠠ ᠶᠢᠨ 16 ᠤ ᠡᠳᠦᠷ᠂ ᠬᠤᠲᠠ ᠶᠢᠨ ᠵᠠᠰᠠᠭ ᠤᠨ ᠣᠷᠳᠣᠨ 2021 ᠣᠨ ᠤ 12 ᠳ᠋ᠤᠭᠠᠷ | ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠯᠢᠦ ᠴᠢ ᠹᠠᠨ ᠨᠥᠬᠦᠷ ᠤᠨ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠬᠤᠸᠠᠩ ᡁᠢ ᠴᠢᠶᠠᠩ ᠨᠥᠬᠦᠷ ᠤᠨ ᠮᠠᠨ ᠤ ᠬᠤᠲᠠ ᠶᠢᠨ | ᠭᠤᠣᠯᠳᠠᠯᠭ᠎ᠠ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠵᠦ | ᠲᠣᠬᠢᠷᠠᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ︽ᠬᠤᠶᠠᠷ ᠥᠨᠳᠥᠷ︾ ᠲᠦᠷᠦᠯ ᠵᠦᠢᠯ ᠤᠨ | ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠬᠤ ᠵᠡᠷᠭᠡ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠮᠠᠨ ᠤ | ᠬᠤᠲᠠ ᠶᠢᠨ ᠬᠤᠯᠪᠤᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ | ᠵᠠᠮᠨᠠᠬᠤ ᠶᠢ ᠪᠠᠷᠢᠮᠲᠠᠯᠠᠵᠤ᠂ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠲᠡᠪᠰᠢᠬᠦᠯᠬᠦ ᠶᠢ | ᠠᠬᠢᠭᠤᠯᠤᠨ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠶᠢ ᠰᠠᠶᠢᠲᠤᠷ ᠠᠳᠬᠤᠵᠤ᠂ ᠴᠡᠪᠡᠷ | ᠡᠨᠧᠷᠭᠢ ᠶᠢ ᠶᠡᠬᠡᠪᠡᠷ ᠬᠥᠭᠵᠢᠭᠦᠯᠦᠨ᠂ ᠨᠡᠭᠦᠷᠡᠰᠦᠨ ᠤ ᠠᠵᠤ ᠦᠢᠯᠡᠰ ᠤᠨ ᠪᠠᠶᠢᠷᠢᠰᠢᠭᠤᠯᠤᠯᠲᠠ ᠪᠠᠨ | ᠰᠢᠯᠢᠳᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠪᠠᠨ ᠴᠢᠩᠭᠠᠳᠬᠠᠨ᠂ ᠬᠠᠲᠤᠨ ᠭᠤᠤᠯ ᠤᠨ | ᠤᠰᠤᠨ ᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ | ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠳᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭᠠᠲᠤ ᠰᠡᠳᠬᠢᠯᠭᠡ ᠪᠣᠯᠤᠨ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠤᠨᠢᠨ ᠳᠡᠭᠡᠷ᠎ᠡ ᠨᠢ ᠪᠦᠲᠦᠮᠵᠢᠲᠡᠢ ᠰᠢᠢᠳᠪᠦᠷᠢᠯᠡᠵᠦ᠂ ᠭᠤᠷᠪᠠ ᠶᠢ ᠲᠣᠳᠣᠷᠬᠠᠶᠢᠯᠠᠵᠤ | ᠨᠢᠭᠡ ᠶᠢ ᠠᠬᠢᠭᠤᠯᠵᠤ ᠨᠢᠭᠡ ᠶᠢ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ | ᠡᠷᠡᠰ ᠰᠠᠬᠢᠬᠤ ᠬᠡᠷᠡᠭᠳᠡᠢ ᠬᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠡᠭᠦᠷᠭᠡᠯᠡᠵᠦ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠲᠤᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ | ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ | ᠨᠠᠶᠢᠳᠠᠪᠤᠷᠢᠵᠢᠭᠤᠯᠵᠤ᠂ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠥᠪ ᠤᠨ ᠲᠣᠭᠤᠷᠢᠨ ᠪᠠᠶᠢᠴᠠᠭᠠᠵᠤ | ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠨᠠᠷᠢᠨ ᠨᠠᠶᠢᠳᠠᠪᠤᠷᠢᠵᠢᠭᠤᠯᠬᠤ | ᠬᠡᠷᠡᠭᠲᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ | ᠦᠨᠳᠦᠷᠴᠡ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ | ᠰᠠᠶᠢᠲᠠᠢ ᠬᠥᠭᠵᠢᠯᠲᠡ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ | ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠰᠠᠯᠠᠭ᠎ᠠ ᠮᠥᠴᠢᠷ ᠤᠨ | ᠬᠠᠮᠵᠢᠯᠴᠠᠭ᠎ᠠ ᠪᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ | ᠶᠡᠷᠦᠩᠬᠡᠶᠢᠯᠡᠭᠰᠡᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠤᠶᠠᠷ ᠥᠨᠳᠥᠷ︾ ᠤᠨ ᠲᠥᠷᠥᠯ ᠵᠦᠢᠯ ᠤᠨ ᠰᠣᠬᠤᠷ | ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ | ᠪᠠᠲᠤᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠣᠪᠣᠷ ᠡᠷᠡᠰ ᠪᠠᠲᠤ᠂ ᠠᠵᠢᠯᠯᠠᠭ᠎ᠠ ᠡᠷᠡᠰ ᠪᠠᠲᠤ ᠪᠠᠶᠢᠬᠤ ᠶᠢ | ᠦᠨᠡᠨᠬᠦ ᠪᠡᠶᠡᠯᠡᠭᠦᠯᠵᠦ᠂ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠬᠡᠷᠡᠭᠵᠢᠭᠦᠯᠬᠦ᠂ ᠤᠨᠢᠨ ᠳᠡᠭᠡᠷ᠎ᠡ ᠨᠢ | ᠬᠦᠴᠦᠯᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠳᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ | ︽ᠬᠤᠶᠠᠷ ᠥᠨᠳᠥᠷ︾ ᠳᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠬᠤ ᠲᠤᠬᠠᠢ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |