ᠲᠠᠩ ᠢ ᠬᠤᠳᠠ ᠶᠢᠨ ᠱᠠᠳᠣᠨ ᠤ ᠣᠳᠣᠷᠢᠳᠣᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠥᠪᠡᠷᠲᠡᠭᠡᠨ ᠰᠤᠷᠤᠯᠴᠠᠵᠤ ᠨᠣᠮ ᠤᠩᠰᠢᠬᠤ ᠠᠩᠬᠢ ᠵᠢᠴᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠡᠦᠬᠡ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ  ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠡᠢ
ᠨᠡᠶᠢᠲᠡᠯᠡᠭᠰᠡᠨ ᠴᠠᠭ᠄
2021/7/2
     6 ᠰᠠᠷ᠎ᠠ ᠶᠢᠨ 30 ᠤ ᠡᠳᠦᠷ᠂ ᠬᠤᠳᠠ ᠶᠢᠨ ᠱᠠᠳᠣᠨ ᠤ ᠣᠳᠣᠷᠢᠳᠣᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠥᠪᠡᠷᠲᠡᠭᠡᠨ ᠰᠤᠷᠤᠯᠴᠠᠵᠤ ᠨᠣᠮ ᠤᠩᠰᠢᠬᠤ ᠠᠩᠬᠢ ᠵᠢᠴᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠡᠦᠬᠡ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃      ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠡᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠣᠳᠣᠷᠢᠳᠬᠤ ᠨᠦᠬᠦᠳ ᠬᠤᠷᠠᠯ ᠳᠤ ᠣᠷᠣᠯᠴᠠᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠲᠠᠩ ᠢ᠂ ᠸᠠᠩ ᠸᠧᠨ ᠵᠢᠶᠧ᠂ ᠼᠦᠢ ᠵᠢᠩ ᠶᠢᠩ᠂ ᠰᠣ᠋ ᠵᠦᠩ ᠱᠧᠩ᠂ ᠬᠤ᠋ ᠱᠠᠨ ᠱᠦᠨ᠂ ᠯᠢ ᠳ᠋ᠦᠩ᠂ ᠸᠧᠢ ᠠᠢ ᠯᠢᠨ᠂ ᠯᠢᠦ ᠰᠣ᠋ ᠬᠤᠩ ᠨᠠᠷ ᠨᠠᠷᠢᠨ ᠬᠢᠨᠠᠮᠠᠭᠠᠢ ᠪᠠᠷ ᠦᠪᠡᠷ ᠢᠶᠠᠨ ᠰᠤᠷᠤᠯᠴᠠᠵᠤ᠂ ᠭᠦᠨᠵᠡᠭᠡᠢ ᠰᠡᠳᠬᠢᠭᠰᠡᠨ ᠰᠠᠭᠤᠷᠢᠨ ᠳᠡᠭᠡᠷ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠡᠦᠬᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠤᠳᠤᠷᠢᠳᠤᠯᠭ᠎ᠠ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃ ᠰᠤᠳᠤᠯᠤᠨ ᠶᠠᠷᠢᠯᠴᠠᠬᠤ ᠬᠤᠷᠠᠯ ᠤᠨ ᠳᠠᠷᠠᠭ᠎ᠠ᠂ ᠬᠤᠲᠠ ᠶᠢᠨ ᠤᠳᠤᠷᠢᠳᠤᠯᠭ᠎ᠠ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ︽︿ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠤᠭᠤᠷᠢᠨ ᠦᠵᠡᠬᠦ᠂ ᠹᠦᠵᠢᠶᠠᠨ᠂ ᠭᠤᠸᠠᠩᠰᠢ᠂ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠵᠣᠬᠢᠶᠠᠯ ᠵᠢᠴᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠰᠠᠭᠤᠯᠲᠠ ᠬᠠᠷᠢᠭᠤᠯᠲᠠ︾ ᠵᠡᠷᠭᠡ ᠠᠭᠤᠯᠭ᠎ᠠ ᠶᠢ ᠲᠦᠪᠯᠡᠷᠡᠬᠦᠯᠦᠨ ᠦᠪᠡᠷᠳᠡᠭᠡᠨ ᠰᠣᠷᠣᠯᠴᠠᠪᠠ᠃     ᠲᠠᠩ ᠢ ᠵᠢᠭᠠᠵᠤ ᠭᠠᠷᠭᠠᠭᠰᠠᠨ ᠨᠢ᠂ ᠡᠯ᠎ᠡ ᠱᠠᠳᠣ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠳᠤ ᠲᠤᠤᠱᠯᠠᠭᠳᠠᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠦᠭᠡᠳ ᠰᠠᠶᠢᠲᠤᠷ ᠠᠳᠬᠤᠬᠤ ᠶᠢ ᠢᠮᠠᠭᠲᠠ ᠪᠠᠷᠢᠮᠲᠠᠯᠠᠵᠤ᠂ ᠪᠠᠶᠢᠩᠭᠤ ᠶᠢᠨ ᠰᠤᠷᠤᠯᠴᠠᠯᠭ᠎ᠠ ᠶᠢ ᠴᠥᠬᠦᠷᠡᠰᠢ ᠦᠭᠡᠶ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ᠂ ᠭᠤᠸᠠᠩᠰᠢ᠂ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠳᠡᠮᠳᠡᠭ︾ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠯᠴᠠᠬᠤ ᠠᠴᠠ ᠰᠡᠳᠬᠢᠬᠦ᠂ ᠰᠤᠷᠤᠯᠴᠠᠬᠤ ᠠᠴᠠ ᠤᠬᠠᠭᠠᠷᠠᠬᠤ᠂ ᠰᠤᠷᠤᠯᠴᠠᠬᠤ ᠠᠴᠠ ᠣᠯᠤᠯᠲᠠ ᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠳᠠᠷᠤᠢ ᠳᠤᠨᠢ ᠤᠯᠠᠮᠵᠢᠯᠠᠨ ᠰᠤᠷᠤᠯᠴᠠᠵᠤ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠤᠰᠬᠠᠢ ᠰᠡᠳᠦᠪᠲᠦ ᠪᠣᠯᠪᠠᠰᠤᠷᠠᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠦᠬᠦ ᠬᠤᠳᠠ ᠳᠤ ᠰᠤᠷᠤᠯᠴᠠᠵᠦ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠤᠨ ᠬᠢᠨ ᠠᠵᠢᠯ ᠤᠨ ᠲᠣᠬᠢᠷᠠᠭᠤᠯᠤᠯᠲᠠ ᠪᠠᠨ ᠴᠠᠭ ᠲᠤᠬᠠᠶ ᠳᠤᠨᠢ ᠰᠠᠶᠢᠲᠤᠷ ᠠᠳᠬᠤᠵᠤ᠂ ᠡᠯ᠎ᠡ ᠵᠦᠢᠯ ᠤᠨ ᠲᠣᠭᠲᠠᠭᠠᠭᠰᠠᠨ ᠡᠭᠦᠷᠭᠡ ᠶᠢ ᠵᠦᠢᠯ ᠳᠠᠷᠠᠭᠠᠯᠠᠨ ᠴᠢᠨᠠᠷ ᠰᠠᠶᠢᠲᠠᠶ ᠪᠡᠶᠡᠯᠡᠭᠦᠯᠵᠦ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ︽ᠲᠠᠪᠤᠨ ᠬᠦᠴᠦᠯᠡᠬᠦ︾ ᠲᠠᠢ ᠨᠢᠭᠲᠠ ᠤᠶᠠᠯᠳᠤᠭᠤᠯᠤᠨ ᠪᠣᠳᠠᠲᠠᠢ ᠠᠵᠢᠯ ᠬᠢᠵᠦ᠂ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠠᠵᠢᠯ ᠢᠶᠠᠨ ᠱᠠᠯᠠᠪᠳᠠᠨ ᠠᠬᠢᠭᠤᠯᠵᠤ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠰᠣᠶᠣᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠰᠠᠶᠢᠲᠤᠷ ᠡᠷᠬᠢᠯᠡᠵᠦ᠂ ︽ᠥᠨᠢ ᠡᠭᠦᠷᠢᠳᠡ ᠨᠠᠮ ᠢᠶᠠᠨ ᠳᠠᠭᠠᠬᠤ︾ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠬᠠᠭᠤᠯᠭ᠎ᠠ ᠮᠡᠳᠡᠭᠡᠯᠡᠯ ᠢ ᠨᠠᠷᠢᠨ ᠨᠢᠮᠪᠠᠢ ᠰᠠᠶᠢᠲᠤᠷ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠰᠤᠷᠤᠯᠴᠠᠵᠤ ᠤᠬᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠡᠨᠡᠬᠦ ᠬᠥᠪᠴᠢ ᠶᠢ ᠴᠢᠩᠭ᠎ᠠ ᠠᠳᠬᠤᠵᠤ᠂ ᠠᠮᠤᠷ ᠲᠦᠪᠰᠢᠨ᠂ ᠲᠣᠭᠲᠠᠭᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ᠂ ᠬᠦᠷᠢᠶᠡᠨ ᠴᠠᠷᠢᠶᠠᠨ ᠤ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠪᠠᠨ ᠴᠢᠩᠭᠠᠳᠬᠠᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠢ ᠨᠠᠮᠳᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号