ᠦᠬᠠᠢ ᠬᠤᠳᠠ ᠶᠢᠨ ᠺᠠᠳ᠋ᠷ ᠤᠯᠠᠨ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠦᠪᠡᠳᠡᠭᠰᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2021/7/2
     7 ᠰᠠᠷ᠎ᠠ ᠶᠢᠨ 1 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠬᠠᠨ ᠬᠦᠸᠧ ᠡᠣ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠭᠢᠯᠡᠭᠴᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠪᠣᠯᠤᠨ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠠᠵᠢᠯᠳᠠᠨ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠬᠦ ᠠᠵᠢᠯᠲᠠᠳ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠵᠦ᠂ ᠨᠠᠮ ᠤᠨ ᠵᠠᠭᠤᠨ ᠵᠢᠯ ᠤᠨ ᠦᠪᠡᠳᠡᠭᠰᠢ ᠶᠣᠰᠣᠯᠠᠯ ᠢ ᠬᠠᠮᠲᠤᠪᠠᠷ ᠭᠡᠷᠡᠴᠢᠯᠡᠪᠡ᠃      ᠲᠤᠰ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠳᠠ ᠶᠢᠨ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠲᠧᠯᠸᠢᠰ᠂ ᠭᠠᠷ ᠤᠲᠠᠰᠤᠨ ᠤ ᠸᠢᠳᠢᠣ᠋᠂ ᠰᠦᠯᠵᠢᠶᠡᠨ ᠤ ᠸᠢᠳᠢᠣ᠋ ᠵᠡᠷᠭᠡ ᠬᠡᠯᠪᠡᠷᠢ ᠪᠠᠷ ᠪᠡᠯᠭᠡᠯᠡᠬᠦ ᠶᠡᠭᠡ ᠬᠤᠷᠠᠯ ᠤᠨ ᠦᠪᠡᠳᠡᠭᠰᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠲᠡᠭᠡᠷᠡᠭᠢ ᠴᠢᠬᠤᠯᠠ ᠶᠠᠷᠢᠶ᠎ᠠ ᠨᠢ ᠬᠥᠮᠦᠰ ᠢ ᠵᠣᠷᠢᠭᠵᠢᠭᠤᠯᠵᠤ᠂ ᠡᠷᠴᠢ ᠵᠣᠷᠢᠭ ᠢ ᠬᠦᠪᠴᠢᠯᠡᠪᠡ ᠭᠡᠵᠦ ᠰᠠᠨᠠᠯ ᠨᠢᠭᠡᠲᠡᠢ ᠦᠵᠡᠪᠡ᠃ ᠣᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ ᠂ ᠬᠤᠪᠢᠰᠬᠠᠯ ᠤᠨ ᠠᠮᠢᠨ ᠰᠣᠳᠠᠰᠣ ᠶᠢ ᠦᠷᠭᠦᠯᠵᠢᠯᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠣᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号