ᠮᠠᠨ ᠤ ᠬᠤᠲᠠ ᠰᠢᠶᠠᠨ ᠭᠠᠵᠠᠷ ᠤᠨ ᠲᠠᠰ ᠤᠨ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/21
    7 ᠰᠠᠷ᠎ᠠ ᠶᠢᠨ 19 ᠤ ᠡᠳᠦᠷ᠂ ᠮᠠᠨ ᠤ ᠬᠤᠲᠠ ᠰᠢᠶᠠᠨ ᠭᠠᠵᠠᠷ ᠤᠨ ᠲᠠᠰ ᠤᠨ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ ᠬᠤᠷᠠᠯ ᠳᠤ ᠣᠷᠣᠯᠴᠠᠵᠠᠶ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤ ᠺᠠᠳ᠋ᠷᠴᠤᠳ ᠤᠨ ᠲᠤᠬᠠᠢ ᠴᠢᠬᠤᠯᠠ ᠥᠭᠦᠯᠡᠯᠲᠡ ᠵᠢᠴᠢ ᠡᠨᠡ ᠵᠢᠯ ᠤᠨ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ 11 ᠳᠡᠳ᠋ ᠭᠠᠵᠠᠷ ᠤᠨ ᠳᠡᠰ ᠤᠨ ᠺᠠᠳ᠋ᠷ ᠤᠨ ᠲᠥᠯᠥᠭᠡᠯᠡᠭᠴᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃      ᠲᠠᠩ ᠢ ᠵᠢᠭᠠᠵᠤ ᠭᠠᠷᠭᠠᠭᠰᠠᠨ ᠨᠢ᠂ ᠵᠠᠯᠠᠭᠤ ᠺᠠᠳ᠋ᠷᠴᠤᠳ ᠦᠬᠠᠢ ᠶᠢᠨ ᠢᠷᠡᠭᠡᠳᠦᠢ ᠶᠢᠨ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠤᠯᠠᠨ ᠢᠶᠠᠷ ᠢᠶᠠᠨ ᠠᠵᠢᠯ ᠬᠢᠵᠦ ᠦᠢᠯᠡᠰ ᠪᠤᠰᠬᠠᠬᠤ ᠠᠵᠠ ᠲᠣᠬᠢᠶᠠᠯ ᠪᠣᠯᠤᠨ ᠲᠠᠪᠴᠠᠩ ᠢᠶᠠᠨ ᠨᠠᠨᠳᠢᠩᠨᠠᠵᠤ᠂ ᠴᠢᠷᠮᠠᠶᠢᠨ ᠠᠵᠢᠯᠯᠠᠬᠤ ᠠᠵᠢᠯᠯᠠᠭᠴᠢ᠂ ᠬᠦᠴᠢᠷ ᠢ ᠲᠤᠭᠤᠯᠤᠨ ᠬᠦᠴᠢᠷ ᠢ ᠲᠤᠭᠤᠯᠤᠨ ᠲᠡᠮᠡᠴᠡᠭᠴᠢ ᠪᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠲᠡᠮᠡᠴᠡᠯ ᠤᠨ ᠤᠷᠮ᠎ᠠ ᠵᠣᠷᠢᠭ ᠢᠶᠠᠨ ᠬᠥᠪᠴᠢᠯᠡᠵᠦ᠂ ᠭᠤᠶᠢᠳᠠ ᠰᠠᠶᠢᠬᠠᠨ ᠠᠮᠢᠳᠤᠷᠠᠯ ᠢᠶᠠᠨ ᠪᠢᠴᠢᠭᠯᠡᠵᠦ᠂ ᠦᠬᠠᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠷ ᠦᠨᠡᠨᠴᠢ ᠰᠢᠳᠤᠷᠭᠤ ᠰᠡᠳᠬᠢᠯ ᠢᠶᠠᠨ ᠬᠠᠲᠠᠭᠤᠵᠢᠭᠤᠯᠵᠤ᠂ ᠤᠨᠤᠯ ᠢᠶᠠᠷ ᠵᠡᠪᠰᠡᠭᠯᠡᠬᠦ ᠪᠠᠷ ᠦᠨᠡᠨᠴᠢ ᠰᠢᠳᠤᠷᠭᠤ ᠶᠢᠨ ᠰᠦᠭ ᠰᠦᠨᠡᠰᠦ ᠪᠠᠨ ᠴᠣᠭᠴᠠᠯᠠᠵᠤ᠂ ᠤᠯᠤᠰ ᠲᠦᠷᠦ ᠶᠢᠨ ᠳᠠᠪᠲᠠᠯᠲᠠ ᠪᠠᠷ ᠦᠨᠡᠨᠴᠢ ᠰᠢᠳᠤᠷᠭᠤ ᠶᠢᠨ ᠰᠠᠭᠤᠷᠢ ᠪᠠᠨ ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠶᠡᠭᠡ ᠬᠠᠨᠳᠤᠰᠢ ᠶᠢ ᠡᠵᠡᠮᠳᠡᠵᠦ᠂ ᠪᠦᠬᠦ ᠲᠠᠯ᠎ᠠ ᠳᠤ ᠦᠢᠯᠡᠴᠢᠯᠡᠵᠦ᠂ ︽ᠤᠯᠤᠰ ᠤᠨ ᠶᠡᠭᠡ ᠶᠠᠪᠤᠳᠠᠯ︾ ᠢ ᠳᠣᠲᠣᠷ᠎ᠠ ᠪᠠᠨ ᠲᠤᠭ᠎ᠠ ᠲᠠᠢ ᠪᠠᠶᠢᠯᠭᠠᠵᠤ᠂ ᠭᠠᠵᠠᠷ ᠣᠷᠣᠨ ᠤ ᠬᠥᠭᠵᠢᠯᠲᠡ ᠶᠢ ᠳᠣᠲᠣᠷ᠎ᠠ ᠪᠠᠨ ᠲᠣᠳᠣᠷᠬᠠᠢ ᠮᠡᠳᠡᠵᠦ᠂ ᠥᠪᠡᠷ ᠤᠨ ᠠᠵᠢᠯ ᠳᠠᠭᠠᠨ ᠠᠷᠭ᠎ᠠ ᠤᠬᠠᠭᠠᠨ ᠭᠠᠷᠭᠠᠵᠤ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠬᠠᠭᠤᠴᠢᠨ ᠢ ᠡᠪᠳᠡᠨ ᠰᠢᠨ᠎ᠡ ᠶᠢ ᠪᠦᠲᠦᠭᠡᠬᠦ᠂ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠦᠵᠡᠯ ᠰᠠᠨᠠᠭ᠎ᠠ ᠪᠠᠨ ᠴᠢᠯᠥᠭᠡᠯᠡᠬᠦ ᠲᠠᠯ᠎ᠠ ᠪᠠᠷ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠰᠠᠶᠢᠨ ᠵᠢᠱᠢᠶᠡᠴᠢ ᠪᠤᠯᠵᠤ᠂ ᠬᠦᠴᠢᠷ ᠪᠡᠷᠬᠡ ᠬᠡᠳᠦᠢ ᠠᠶᠤᠯ ᠲᠦᠭᠰᠢᠭᠦᠷᠢ ᠲᠠᠢ ᠪᠣᠯ ᠲᠡᠳᠦᠢ ᠤᠷᠤᠭᠰᠢᠯᠠᠬᠤ ᠬᠠᠳᠠᠨ ᠵᠣᠷᠢᠭ ᠢ ᠪᠠᠲᠤᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠲᠦᠷᠢᠮ ᠤᠨ ᠰᠢᠨ᠎ᠡ ᠶᠢ ᠡᠭᠦᠳᠴᠦ᠂ ᠶᠠᠪᠤᠴᠠ ᠶᠢᠨ ᠰᠢᠨ᠎ᠡ ᠶᠢ ᠡᠭᠦᠳᠴᠦ᠂ ᠠᠷᠭ᠎ᠠ ᠶᠢᠨ ᠰᠢᠨ᠎ᠡ ᠶᠢ ᠡᠭᠦᠳᠴᠦ᠂ ︽ᠠᠮᠢᠵᠢᠷᠠᠯ ᠤᠨ ᠬᠦᠴᠦᠨ︾ ᠤ ᠠᠵᠢᠯ ᠤᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠰᠠᠨᠠᠭ᠎ᠠ ᠪᠤᠯᠵᠤ ᠪᠠᠶᠢᠭ᠎ᠠ ᠶᠠᠪᠤᠳᠠᠯ᠂ ᠰᠡᠳᠬᠢᠯ ᠵᠤᠪᠠᠵᠦ ᠪᠠᠶᠢᠭ᠎ᠠ ᠶᠠᠪᠤᠳᠠᠯ᠂ ᠡᠯᠢᠭᠡ ᠲᠠᠳᠠᠭᠳᠠᠵᠤ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠶ ᠪᠠᠷ ᠪᠠᠲᠤᠯᠠᠵᠤ᠂ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠴᠢᠩᠭ᠎ᠠ ᠵᠢᠷᠤᠮᠯᠠᠵᠤ᠂ ᠴᠠᠭ ᠢᠮᠠᠭᠲᠠ ᠪᠡᠶ᠎ᠡ ᠪᠠᠨ ᠰᠡᠷᠡᠮᠵᠢᠯᠡᠭᠦᠯᠦᠨ ᠪᠡᠶ᠎ᠡ ᠪᠠᠨ ᠲᠤᠩᠭᠠᠵᠤ᠂ ᠬᠥᠮᠦᠨ ᠪᠦᠬᠦᠨ ᠤ ᠮᠠᠭᠲᠠᠨ ᠰᠠᠶᠢᠰᠢᠶᠠᠬᠤ ᠠᠷᠢᠭᠤᠨ ᠴᠢᠬᠡᠴᠢ ᠬᠥᠮᠦᠨ ᠪᠣᠯᠬᠤ ᠪᠠᠷ ᠴᠢᠷᠮᠠᠶᠢᠵᠤ᠂ ᠳᠤᠷᠠᠲᠠᠶ᠎ᠠ ᠪᠡᠶ᠎ᠡ ᠪᠠᠨ ᠴᠢᠩᠭ᠎ᠠ ᠱᠠᠭᠠᠷᠳᠠᠬᠤ ᠲᠠᠭᠠᠭᠤᠯᠤᠬᠴᠢ ᠪᠣᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号