ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠬᠢ ᠡᠬᠢᠯᠡᠪᠡ
ᠨᠡᠶᠢᠲᠡᠯᠡᠭᠰᠡᠨ ᠴᠠᠭ᠄
2021/7/22
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 7 ᠰᠠᠷ᠎ᠠ ᠶᠢᠨ 21 ᠤ ᠡᠳᠦᠷ ᠠᠴᠠ ᠡᠬᠢᠯᠡᠨ᠂ ᠮᠠᠨ ᠤ ᠬᠤᠲᠠ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢ 2 ᠡᠳᠦᠷ ᠤᠨ ᠬᠤᠭᠤᠴᠠᠭ᠎ᠠ ᠲᠠᠢ ᠡᠷᠭᠢᠯᠡᠵᠦ᠂ ᠦᠵᠡᠯ ᠰᠠᠨᠠᠭᠠᠨ ᠤ ᠠᠤᠭ᠎ᠠ ᠬᠦᠴᠦᠨ ᠢ ᠨᠢ ᠤᠯᠠᠮ ᠨᠢᠭᠡ ᠠᠯᠬᠤᠮ ᠤᠶᠢᠯᠠᠭᠠᠨ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠵᠤ᠂ ᠡᠷᠡᠮᠡᠬᠡᠶᠢᠯᠡᠨ ᠳᠠᠪᠰᠢᠬᠤ ᠵᠣᠷᠢᠭ ᠢᠶᠠᠨ ᠬᠦᠪᠴᠢᠯᠡᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠯᠦᠸᠧ ᠫᠢᠩ ᠬᠠᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠠᠩᠭᠢ ᠡᠬᠢᠯᠡᠬᠦ ᠶᠣᠰᠣᠯᠠᠯ ᠢ ᠡᠷᠭᠢᠯᠡᠵᠦ ᠶᠠᠷᠢᠶ᠎ᠠ ᠲᠠᠯᠪᠢᠪᠠ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠵᠣᠣ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠡᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠣᠷᠣᠯᠴᠠᠪᠠ᠃      ᠨᠤᠮ ᠣᠩᠰᠢᠬᠤ ᠠᠩᠭᠢ ᠳᠤ᠂ ᠯᠦᠸᠧ ᠫᠢᠩ ᠬᠠᠨ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠪᠦᠬᠦ ᠤᠯᠤᠰ ᠤᠨ ᠵᠠᠰᠠᠭ ᠤᠨ ᠡᠷᠬᠡ ᠶᠢ ᠣᠯᠵᠤ ᠴᠢᠳᠠᠭᠰᠠᠨ᠂ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠬᠡᠷᠭᠢᠨ ᠬᠠᠶᠢᠨ ᠰᠦᠪᠡᠭᠴᠢᠯᠡᠭᠰᠡᠨ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠵᠠᠭᠤᠨ ᠵᠢᠯ ᠤᠨ ᠲᠡᠮᠡᠴᠡᠯ ᠤᠨ ᠶᠠᠪᠤᠴᠠ ᠳᠤ ᠪᠦᠷᠢᠯᠳᠦᠭᠰᠡᠨ ᠦᠨᠳᠦᠰᠦᠨ ᠲᠤᠷᠰᠢᠯᠭ᠎ᠠ ᠪᠣᠯᠤᠨ ᠴᠢᠬᠤᠯᠠ ᠰᠡᠩᠬᠡᠷᠡᠭᠦᠯᠦᠯ ᠵᠡᠷᠭᠡ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠯᠲᠠ ᠬᠢᠵᠡᠢ᠃ ᠤᠯᠠᠨ ᠳᠤ ᠭᠦᠨ ᠭᠦᠨᠵᠡᠭᠡᠶ ᠨᠠᠮ ᠤᠨ ᠲᠡᠦᠬᠡ ᠶᠢᠨ ᠬᠥᠮᠦᠵᠢᠯ ᠤᠨ ᠬᠢᠴᠢᠶᠡᠯ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠪᠠ᠃      ᠲᠠᠩ ᠢ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠭᠰᠡᠨ ᠭᠡᠷᠡᠯ ᠰᠠᠴᠤᠷᠠᠩᠭᠤᠶ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠡᠷᠭᠢᠴᠡᠭᠦᠯᠵᠦ᠂ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠨᠠᠮ ᠤᠨ ᠭᠡᠰᠢᠭᠦᠨ ᠳᠤ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠠᠭᠤᠤ ᠶᠡᠭᠡ ᠤᠷᠢᠶᠠᠯᠠᠭ᠎ᠠ ᠶᠢ ᠳᠤᠷᠠᠳᠴᠤ᠂ ᠪᠢᠳᠡᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠢᠶᠠᠨ ᠰᠠᠶᠢᠲᠤᠷ ᠠᠶᠠᠯᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ ᠃ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠣᠳ ᠬᠤᠲᠠ ᠶᠢᠨ ᠨᠠᠮ ᠤᠨ ᠬᠤᠷᠢᠶᠠᠨ ᠤ ᠡᠨᠡ ᠬᠤᠭᠤᠴᠠᠭᠠᠨ ᠤ ᠨᠣᠮ ᠤᠩᠰᠢᠬᠤ ᠠᠩᠭᠢ ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠵᠢᠷᠭᠤᠭ᠎ᠠ ᠶᠢ ᠭᠦᠨᠵᠡᠭᠡᠶ ᠣᠶᠢᠯᠠᠭᠠᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠨᠡᠨ ᠬᠦ ᠰᠡᠳᠬᠢᠯ ᠰᠢᠭᠤᠳᠤᠨ᠂ ᠤᠶᠤᠨ ᠴᠢᠳᠠᠯ ᠢᠶᠠᠨ ᠲᠥᠪᠯᠡᠷᠡᠭᠦᠯᠵᠦ᠂ ᠰᠡᠳᠬᠢᠯ ᠰᠠᠨᠠᠭ᠎ᠠ ᠪᠠᠨ ᠨᠢᠭᠡᠳᠬᠡᠨ ᠰᠤᠷᠤᠯᠴᠠᠯᠭ᠎ᠠ ᠶᠢ ᠥᠷᠨᠢᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠬᠦᠭᠵᠢᠬᠦᠯᠦᠯᠳᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠡᠩ ᠢᠯᠡᠭᠦᠦ ᠬᠦᠴᠦᠯᠡᠨ ᠴᠢᠷᠮᠠᠶᠢᠵᠤ ᠰᠠᠶᠢᠲᠤᠷ ᠬᠢᠬᠦ ᠬᠡᠷᠡᠭᠲᠡᠶ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠳᠤ ᠡᠷᠬᠡᠪᠰᠢ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠬᠦ ᠬᠡᠷᠡᠭᠲᠡᠢ᠃ ᠲᠡᠷᠡ ᠬᠡᠪ ᠢᠶᠠᠷ ᠨᠢ ᠰᠤᠷᠤᠯᠴᠠᠬᠤ᠂ ᠢᠳᠡᠭᠡᠰᠢᠭᠦᠯᠦᠨ ᠨᠡᠪᠲᠡᠷᠡᠲᠡᠯ᠎ᠡ ᠰᠤᠷᠤᠯᠴᠠᠬᠤ ᠶᠢ ᠪᠠᠷᠢᠮᠲᠠᠯᠠᠵᠤ᠂ ᠰᠡᠳᠬᠢᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠳᠤᠮᠳᠠ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号