ᠮᠠᠨ ᠤ ᠬᠤᠲᠠ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2021/7/23
     7 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠮᠠᠨ ᠤ ᠬᠤᠲᠠ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠵᠣᠣ ᠮᠢᠩ ᠪᠣᠯᠤᠨ ᠵᠢᠯᠣᠭᠤᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠤᠳᠣᠷᠢᠳᠬᠤ ᠨᠦᠬᠦᠳ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠸᠠᠩ ᠸᠧᠨ ᠵᠢᠶᠧ᠂ ᠬᠤ᠋ ᠱᠠᠨ ᠱᠦᠨ᠂ ᠳ᠋ᠧᠩ ᠺᠠᠢ᠂ ᠰᠦᠨ ᠬᠤᠤ᠂ ᠯᠢᠦ ᠵᠢᠢ ᠭᠤᠤ᠂ ᠪᠠᠢ ᠬᠠᠢ ᠿᠦᠩ᠂ ᠦ᠋ ᠰᠢᠶᠤᠤ ᠾᠦᠢ᠂ ᠸᠧᠢ ᠠᠢ ᠯᠢᠨ᠂ ᠯᠢ ᠴᠦᠨ ᠰᠢᠶᠤᠤ᠂ ᠬᠤᠤ ᠰᠢ ᠬᠤᠩ᠂ ᠮᠤᠤ ᠵᠧᠨ ᠬᠠᠢ᠂ ᠹᠦ᠋ ᠲᠢᠩ ᠯᠢᠨ᠂ ᠳ᠋ᠢᠩ ᠢ᠂ ᠵᠠᠩ ᠮᠧᠩ ᠵᠢᠶᠠᠨ ᠵᠡᠷᠭᠡ ᠬᠤᠳᠠ ᠶᠢᠨ ᠤᠳᠤᠷᠢᠳᠤᠯᠭ᠎ᠠ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠳᠤ ᠣᠷᠣᠯᠴᠠᠭᠰᠠᠨ ᠪᠥᠭᠡᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠲᠠᠩ ᠢ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠤᠯᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠪᠣᠯᠤᠨ᠎ᠠ᠂ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠥᠨᠳᠥᠷ ᠪᠦᠲᠦᠮᠵᠢᠲᠡᠢ ᠵᠠᠰᠠᠯᠲᠠ ᠶᠢ ᠬᠡᠷᠡᠭᠵᠢᠭᠦᠯᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠡᠪᠳᠡᠷᠡᠳᠡᠯ᠎ᠠ ᠣᠶᠢᠯᠠᠭᠠᠵᠤ᠂ ᠭᠦᠨᠵᠡᠭᠡᠢ ᠰᠤᠷᠤᠯᠴᠠᠵᠤ᠂ ᠨᠡᠩ ᠡᠷᠡᠰ ᠰᠢᠭᠤᠷᠬᠠᠢ ᠣᠪᠣᠷ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠢ ᠳᠠᠰᠤᠷᠠᠯᠳᠠ ᠦᠬᠡᠢ ᠭᠦᠨᠵᠡᠭᠡᠶᠢᠷᠡᠭᠦᠯᠵᠦ᠂ ᠬᠤᠳᠠ ᠶᠢᠨ ᠳᠡᠰ ᠤᠨ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ︶ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠦᠷᠭᠦᠯᠵᠢᠯᠡᠨ ᠭᠦᠨᠵᠡᠭᠡᠢ ᠰᠤᠷᠤᠯᠴᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠪᠤᠷᠢᠯᠠᠵᠤ᠂ ᠨᠠᠷᠢᠨ ᠨᠢᠮᠪᠠᠢ ᠪᠠᠷᠢᠮᠲᠠᠯᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠰᠤᠷᠤᠯᠴᠠᠨ ᠲᠤᠤᠱᠯᠠᠭᠤᠯᠬᠤ ᠠᠵᠢᠯ ᠤᠨ ᠭᠦᠨᠵᠡᠭᠡᠶᠢᠷᠡᠬᠦ᠂ ᠪᠣᠳᠠᠲᠠᠶᠢᠵᠢᠬᠤ᠂ ᠬᠠᠳᠠᠩᠰᠢᠬᠤ ᠶᠢ ᠠᠬᠢᠭᠤᠯᠬᠤ ᠬᠡᠷᠡᠭᠲᠡᠢ᠃ ᠤᠯᠠᠨ ᠲᠡᠰ ᠳᠠᠪᠬᠤᠷᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠣᠨᠴᠠᠯᠢᠭ ᠲᠤ ᠴᠢᠭᠯᠡᠭᠦᠯᠦᠨ ᠪᠣᠯᠪᠠᠰᠤᠷᠠᠯ ᠤᠨ ᠠᠭᠤᠯᠭ᠎ᠠ᠂ ᠠᠷᠭ᠎ᠠ᠂ ᠬᠡᠯᠪᠡᠷᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠣᠯᠭᠠᠵᠤ᠂ ᠬᠤᠪᠢᠰᠬᠠᠯ ᠤᠨ ᠡᠬᠢ ᠪᠠᠶᠠᠯᠢᠭ ᠲᠤ ᠲᠦᠰᠢᠭᠯᠡᠨ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠪᠣᠯᠪᠠᠰᠤᠷᠠᠯ ᠢ ᠥᠷᠨᠢᠭᠦᠯᠵᠦ᠂ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠮᠡᠳᠡᠭᠡᠯᠡᠯ ᠢ ᠥᠷᠨᠢᠭᠦᠯᠵᠦ᠂ ᠦᠨᠳᠦᠰᠦᠨ ᠱᠠᠳᠤ ᠪᠠ ᠤᠯᠠᠨ ᠲᠦᠮᠡᠨ ᠳᠤ ᠬᠠᠨᠳᠤᠭᠤᠯᠤᠭᠰᠠᠨ᠂ ᠤᠯᠠᠨ ᠲᠦᠮᠡᠨᠴᠢᠯᠡᠭᠰᠡᠨ᠂ ᠬᠠᠷᠢᠯᠴᠠᠨ ᠬᠥᠳᠡᠯᠦᠯᠴᠡᠭᠰᠡᠨ ᠤᠬᠠᠭᠤᠯᠭ᠎ᠠ ᠲᠠᠶᠢᠯᠪᠤᠷᠢᠯᠠᠯᠲᠠ ᠶᠢ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠲᠠᠶᠢᠯᠪᠤᠷᠢᠯᠠᠯᠲᠠ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠪᠦᠬᠦ ᠨᠡᠶᠢᠭᠡᠮ ᠳᠤ ᠰᠤᠷᠤᠯᠴᠠᠨ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠦᠷ᠎ᠡ ᠪᠦᠲᠦᠭᠡᠯ ᠢ ᠬᠥᠭᠵᠢᠯᠲᠡ ᠶᠢ ᠠᠳᠬᠤᠵᠤ ᠬᠥᠭᠵᠢᠯᠲᠡ ᠶᠢ ᠡᠷᠢᠯᠬᠢᠯᠡᠬᠦ ᠵᠣᠷᠢᠭ ᠳᠡᠭᠡᠷ᠎ᠡ ᠢᠯᠡᠷᠡᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠳᠡᠭᠡᠷ᠎ᠡ ᠢᠯᠡᠷᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠳᠡᠭᠡᠷ᠎ᠡ ᠢᠯᠡᠷᠡᠭᠦᠯᠵᠦ᠂ ᠨᠠᠮ ᠤᠨ ᠲᠥᠪ ᠬᠤᠷᠢᠶ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠪᠠᠶᠢᠳᠠᠯ ᠳᠤ ᠲᠤᠬᠢᠷᠠᠭᠤᠯᠤᠨ ᠲᠣᠭᠲᠠᠭᠠᠭᠰᠠᠨ ᠠᠵᠢᠯᠯᠠᠭ᠎ᠠ ᠶᠢᠨ ᠬᠥᠲᠥᠯᠪᠦᠷᠢ ᠶᠢ ᠮᠠᠨ ᠤ ᠬᠤᠳᠠ ᠳᠤ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃      ᠨᠣᠮ ᠤᠩᠰᠢᠬᠤ ᠠᠩᠬᠢ ᠶᠢᠨ ᠲᠤᠬᠢᠷᠠᠭᠤᠯᠭ᠎ᠠ ᠪᠠᠷ᠂ 22 ᠤᠨ ᠦᠳᠡ ᠶᠢᠨ ᠡᠮᠦᠨ᠎ᠡ᠂ ᠶᠢᠨ ᠵᠤᠤ ᠮᠢᠩ᠂ ᠸᠠᠩ ᠸᠧᠨ ᠵᠢᠶᠧ᠂ ᠼᠦᠢ ᠵᠢᠩ ᠶᠢᠩ ᠵᠡᠷᠭᠡ ᠤᠳᠤᠷᠢᠳᠬᠤ ᠨᠥᠬᠦᠳ ᠥᠪᠥᠷ ᠮᠣᠩᠭᠤᠯ ᠤᠨ ᠵᠢᠵᠢᠭ ᠭᠤᠷᠪᠠᠨ ᠱᠣᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ ᠢᠶᠠᠷ ᠲᠣᠭᠤᠷᠢᠨ ᠦᠵᠡᠵᠦ᠂ ᠬᠠᠶᠢᠨᠠᠨ ᠲᠣᠭᠤᠷᠢᠭ ᠤᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号