ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/23
     7 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠭᠤᠣᠯ ᠠᠭᠤᠯᠭ᠎ᠠ ᠪᠣᠯᠭᠠᠵᠤ᠂ ᠣᠨᠣᠯ ᠢᠶᠠᠷ ᠵᠡᠪᠰᠡᠭᠯᠡᠬᠦ ᠶᠢᠨ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠶᠡᠭᠡ ᠤᠯᠤᠰ ᠳᠦᠷᠤ ᠶᠢᠨ ᠡᠭᠦᠷᠭᠡ ᠪᠣᠯᠭᠠᠵᠤ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠰᠤᠷᠤᠯᠴᠠᠨ ᠲᠤᠤᠱᠯᠠᠭᠤᠯᠬᠤ ᠠᠵᠢᠯ ᠢ ᠭᠦᠨᠵᠡᠭᠡᠢ ᠪᠦᠭᠡᠳ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ᠃ ᠲᠤᠰᠬᠠᠢ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠵᠦ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠳᠲᠡᠷ ᠲᠦᠷᠭᠡᠨ ᠨᠢᠭᠡᠳᠬᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠴᠠ ᠡᠭᠦᠰᠬᠦ᠂ ᠡᠭᠦᠷᠭᠡ ᠬᠠᠷᠢᠭᠤᠴᠠᠯᠭ᠎ᠠ ᠠᠴᠠ ᠡᠭᠦᠰᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠤᠨᠢᠨ ᠳᠡᠭᠡᠷ᠎ᠡ ᠨᠢ ᠡᠵᠡᠮᠳᠡᠵᠦ᠂ ᠤᠯᠠᠨ ᠲᠦᠮᠡᠨ ᠤ ︽ᠪᠠᠴᠢᠮ ᠬᠦᠴᠢᠷ ᠵᠤᠪᠠᠨᠢᠯ ᠡᠷᠡᠮᠡᠯᠵᠡᠯ︾ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠶᠡᠷ ᠢ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠡᠷᠭᠡᠶᠢᠯᠡᠯᠲᠡ ᠶᠢᠨ ᠭᠤᠣᠯᠳᠠᠯᠭ᠎ᠠ ᠶᠢ ᠲᠤᠪᠤᠶᠢᠯᠭᠠᠨ᠂ ᠪᠦᠬᠦ ᠬᠤᠳᠠ ᠶᠢᠨ ᠭᠤᠣᠯ ᠨᠠᠭᠤᠷ᠂ ᠴᠥᠭᠦᠷᠥᠮ ᠤᠨ ᠬᠠᠰᠢᠯᠭ᠎ᠠ᠂ ᠠᠭᠤᠯᠠᠨ ᠦᠶᠡᠷ ᠤᠨ ᠭᠤᠣᠯ ᠤᠨ ᠵᠠᠮ᠂ ᠰᠢᠭᠠᠷᠤ ᠶᠢᠨ ᠠᠭᠤᠯᠠ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠶᠡᠷ ᠢ ᠰᠡᠷᠭᠡᠶᠢᠯᠡᠬᠦ ᠠᠵᠢᠯ ᠢ ᠦᠨᠡᠨᠬᠦ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠨ᠂ ᠡᠳ᠋ ᠪᠣᠳᠠᠰ ᠨᠥᠭᠡᠴᠡᠯᠡᠬᠦ ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠠᠵᠢᠯ ᠤᠨ ᠰᠠᠨᠠᠭᠠᠴᠢᠯᠠᠭᠠᠲᠤ ᠡᠷᠬᠡ ᠪᠠᠨ ᠪᠠᠲᠤ ᠡᠵᠡᠮᠳᠡᠨ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠲᠡᠶᠢᠨ ᠢ ᠰᠠᠶᠢᠲᠤᠷ ᠬᠢᠬᠦ ᠬᠡᠷᠡᠭᠲᠡᠶ ᠬᠡᠵᠡᠢ᠃      ᠬᠤᠷᠠᠯ ᠠᠴᠠ ︽︿ᠬᠤᠶᠠᠷ ᠥᠨᠳᠥᠷ﹀ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠠᠵᠢᠯ ᠤᠨ ᠲᠥᠰᠦᠯ︾ ︽ᠦᠬᠠᠶ ᠬᠤᠲᠠ ᠶᠢᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢᠨ ᠤᠬᠤᠷᠢᠨ ᠭᠠᠷᠬᠤ ᠶᠢ ᠬᠠᠤᠯᠢ ᠲᠣᠭᠲᠠᠭᠠᠯ ᠶᠣᠰᠣᠭᠠᠷ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽ᠦᠬᠠᠶ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ︵ᠨᠡᠭᠦᠷᠡᠰᠦ᠂ ᠨᠡᠭᠦᠷᠡᠰᠦᠨ ᠠᠭᠤᠷᠬᠠᠶ ᠶᠢᠨ ᠪᠤᠰᠤ ᠥᠮᠴᠢᠯᠡᠯ ᠤᠨ ᠡᠷᠬᠡ︶ ᠢ ᠡᠮᠬᠢᠯᠡᠨ ᠨᠡᠶᠢᠯᠡᠭᠦᠯᠬᠦ ᠲᠥᠰᠦᠯ︾ ︽ᠦᠬᠠᠶ ᠬᠤᠲᠠ ᠶᠢᠨ ᠪᠣᠬᠢᠷᠲᠤᠯ ᠦᠭᠡᠶ ᠠᠭᠤᠷᠬᠠᠶ ᠶᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠭᠡᠬᠦ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︿ᠬᠤᠣᠰ ᠬᠠᠷᠢᠭᠤᠴᠠᠯᠭ᠎ᠠ ᠬᠤᠣᠰ ᠲᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号