ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠬᠤ ᠲᠤᠬᠠᠢ | ᠪᠠᠶᠢᠷᠢᠯᠠᠭᠤᠯᠵᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ | ᠭᠡᠵᠡᠢ | ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠠᠵᠢᠯ ᠢ ᠭᠦᠨᠵᠡᠭᠡᠶᠢᠷᠡᠭᠦᠯᠬᠦ ᠲᠤᠬᠠᠢ | ᠰᠤᠳᠤᠯᠪᠠ | | ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠷᠭ᠎ᠠ ᠬᠡᠮᠵᠢᠶ᠎ᠡ ᠶᠢ ᠲᠣᠭᠲᠠᠭᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 21 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠵᠤ᠂ ᠠᠷᠠᠳᠲ᠋ᠦ᠋ᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ︔ ᠮᠥᠩᠭᠦᠨ ᠭᠦᠢᠯᠭᠡᠭᠡᠨ ᠤ ᠦᠢᠯᠡᠰ ᠤᠨ | ᠭᠠᠳᠠᠭᠠᠳᠤ ᠨᠡᠬᠡᠬᠡᠯᠳᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠥᠩᠭᠦᠨ | ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠠᠵᠢᠯ ᠢ ᠭᠦᠨᠵᠡᠭᠡᠶᠢᠷᠡᠭᠦᠯᠬᠦ ᠲᠤᠬᠠᠢ ᠰᠤᠳᠤᠯᠪᠠ︔ ᠬᠢᠯᠢ ᠠᠯᠤᠰᠯᠠᠭᠰᠠᠨ | ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠢᠯᠢ ᠶᠢᠨ | ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠣᠶᠢᠷ᠎ᠠ ᠶᠢᠨ ᠡᠳᠦᠷ ᠮᠠᠨ ᠤ ᠤᠯᠤᠰ ᠤᠨ ᠣᠯᠠᠨ ᠭᠠᠵᠠᠷ ᠲᠤ ᠰᠢᠷᠦᠭᠦᠨ | ᠪᠣᠷᠣᠭᠠᠨ ᠣᠷᠣᠵᠤ᠂ ᠥᠴᠥᠭᠡᠳᠦᠷ ᠾᠧᠨᠠᠨ ᠤ ᠬᠡᠰᠡᠭ ᠭᠠᠵᠠᠷ ᠲᠤ ᠪᠠᠰᠠ ᠲᠦᠢᠯ ᠤᠨ ᠰᠢᠷᠦᠭᠦᠨ ᠪᠣᠷᠣᠭᠠᠨ ᠣᠷᠣᠵᠤ᠂ | ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠲᠤ ᠠᠪᠲᠠᠵᠤ᠂ ᠢᠯᠠᠩᠭᠤᠶ᠎ᠠ ᠬᠤᠪᠣᠷᠬᠠᠨ ᠲᠣᠬᠢᠶᠠᠯᠳᠤᠬᠤ ᠬᠤᠲᠠ ᠶᠢᠨ | ᠳᠣᠲᠣᠭᠠᠳᠤ ᠤᠰᠤᠳᠤᠯ ᠡᠭᠦᠰᠴᠦ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠦᠨᠳᠦ ᠨᠣᠴᠢᠲᠠᠶ | ᠬᠤᠬᠢᠷᠠᠯ ᠢ ᠪᠣᠢ ᠪᠣᠯᠭᠠᠪᠠ᠃ ᠣᠳᠣᠬᠠᠨ ᠳᠤ ᠮᠠᠨ ᠤ ᠤᠯᠤᠰ ᠶᠠᠭ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ | ᠰᠠᠷ᠎ᠠ ᠶᠢᠨ ᠡᠬᠢᠨ︾ ᠤ ᠦᠶᠡᠷ ᠤᠰᠤᠳᠤᠯ ᠤᠨ ᠭᠤᠣᠯ ᠬᠤᠭᠤᠴᠠᠭ᠎ᠠ ᠪᠠ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ ᠪᠠᠶᠢᠨ᠎ᠠ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠶᠢᠨ | ᠬᠤᠭᠤᠴᠠᠭᠠᠨ ᠳᠤ ᠬᠡᠰᠡᠭ ᠭᠠᠵᠠᠷ ᠲᠤ ᠮᠥᠨ ᠬᠦ ᠰᠢᠷᠦᠭᠦᠨ ᠪᠣᠷᠣᠭᠠᠨ ᠣᠷᠣᠨ᠎ᠠ᠃ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠲᠦᠷᠢᠮ ᠢ | ᠴᠢᠩᠭᠠᠳᠬᠠᠵᠤ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠨᠢᠭᠡ ᠳᠤ᠂ ᠬᠤᠯᠪᠣᠭᠳᠠᠯ | ᠪᠦᠬᠦᠢ ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠪᠡᠯᠡ ᠮᠥᠩᠭᠦ ᠪᠠ ᠡᠳ᠋ ᠪᠣᠳᠠᠰ ᠢ ᠰᠢᠯᠵᠢᠭᠦᠯᠦᠨ | ᠴᠤᠭᠯᠠᠭᠤᠯᠵᠤ᠂ ᠾᠧᠨᠠᠨ ᠢ ᠪᠦᠬᠦ ᠬᠦᠴᠦᠨ ᠢᠶᠠᠷ ᠢᠶᠠᠨ ᠠᠶᠤᠯ ᠭᠠᠮᠰᠢᠭ ᠠᠴᠠ ᠠᠪᠤᠷᠠᠬᠤ ᠳᠤ ᠳᠡᠮᠵᠢᠨ ᠬᠠᠪᠰᠤᠷᠴᠤ᠂ | ᠠᠶᠤᠯ ᠳᠤ ᠤᠴᠠᠷᠠᠭᠰᠠᠨ ᠬᠥᠮᠦᠰ ᠢ ᠬᠠᠶᠢᠨ ᠠᠪᠤᠷᠠᠬᠤ᠂ ᠰᠢᠷᠬᠠᠲᠤᠭᠰᠠᠳ ᠢ ᠠᠪᠤᠷᠠᠨ ᠡᠮᠨᠡᠬᠦ᠂ ᠭᠠᠮᠰᠢᠭᠳᠠᠭᠰᠠᠨ ᠤᠯᠠᠨ | ᠲᠦᠮᠡᠨ ᠢ ᠰᠢᠯᠵᠢᠭᠦᠯᠦᠨ ᠲᠥᠪᠬᠢᠨᠡᠭᠦᠯᠬᠦ᠂ ᠠᠳᠡᠭᠰᠡᠳ ᠤᠨ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ | ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠨ ᠭᠠᠮᠰᠢᠭ ᠲᠠᠢ | ᠲᠡᠮᠡᠴᠡᠬᠦ ᠳᠤ ᠦᠵᠡᠭᠦᠯᠬᠦ ᠳᠡᠮᠵᠢᠯᠭᠡ ᠪᠠᠨ ᠴᠢᠩᠭᠠᠷᠠᠭᠤᠯᠵᠤ᠂ ᠬᠥᠮᠦᠨ ᠤ ᠬᠦᠴᠦᠨ ᠢ ᠨᠡᠮᠡᠨ ᠲᠣᠮᠢᠯᠠᠵᠤ᠂ ᠪᠣᠳᠠᠰ ᠤᠨ | ᠮᠠᠲ᠋ᠧᠷᠢᠶᠠᠯ ᠢ ᠭᠦᠢᠴᠡᠳ ᠪᠡᠯᠡᠳᠬᠡᠵᠦ᠂ ᠶᠡᠭᠡ ᠭᠤᠣᠯ ᠮᠥᠷᠡᠨ᠂ ᠵᠢᠵᠢᠭ ᠬᠡᠯᠪᠡᠷᠢ ᠶᠢᠨ ᠡᠮᠵᠡᠭ ᠠᠶᠤᠯ ᠲᠠᠢ ᠤᠰᠤᠨ | ᠴᠥᠭᠦᠷᠥᠮ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠰᠢᠯᠭ᠎ᠠ ᠳᠠᠯᠠᠩ ᠢ ᠴᠢᠩᠭ᠎ᠠ ᠨᠢᠮᠪᠠᠶ ᠲᠣᠭᠤᠷᠢᠨ | ᠪᠠᠶᠢᠴᠠᠭᠠᠬᠤ ᠪᠠ ᠠᠶᠤᠯ ᠢ ᠠᠷᠢᠯᠭᠠᠬᠤ ᠶᠢ ᠴᠢᠩᠭᠠᠳᠬᠠᠬᠤ ᠬᠡᠷᠡᠭᠲᠡᠢ᠃ ᠵᠠᠮ ᠬᠠᠷᠢᠯᠴᠠᠭᠠᠨ ᠤ ᠪᠡᠯᠡᠳᠬᠡᠮᠵᠢ ᠶᠢᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠰᠠᠶᠢᠲᠤᠷ ᠬᠢᠬᠦ ᠬᠡᠷᠡᠭᠲᠡᠢ᠃ ᠬᠤᠳᠠ ᠶᠢᠨ ᠳᠣᠲᠣᠭᠠᠳᠤ ᠤᠰᠤᠲᠤᠯ ᠪᠠ | ᠰᠢᠪᠠᠷ ᠴᠢᠯᠠᠭᠤᠨ ᠤᠷᠤᠰᠬᠠᠯ ᠵᠡᠷᠭᠡ ᠡᠭᠦᠰᠦᠮᠡᠯ ᠭᠠᠮᠰᠢᠭ ᠢ ᠰᠡᠷᠭᠡᠶᠢᠯᠡᠬᠦ ᠬᠡᠷᠡᠭᠲᠡᠢ᠃ ᠭᠤᠷᠪᠠ ᠳᠤ᠂ ᠴᠠᠭ ᠠᠭᠤᠷ ᠢ ᠬᠢᠨᠠᠨ | ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠡᠪ ᠤᠨ ᠪᠤᠰᠤ ᠴᠠᠭ ᠠᠭᠤᠷ ᠠᠴᠠ ᠪᠣᠯᠵᠤ ᠭᠠᠮᠰᠢᠭ | ᠡᠭᠦᠰᠴᠦ ᠮᠡᠳᠡᠬᠦ ᠡᠯ᠎ᠡ ᠵᠦᠢᠯ ᠤᠨ ᠪᠡᠯᠡᠳᠬᠡᠯ ᠢ ᠭᠦᠢᠴᠡᠳ ᠬᠢᠵᠦ᠂ ᠵᠠᠶᠢᠯᠠᠭᠤᠯᠬᠤ ᠶᠣᠰᠣᠲᠠᠢ ᠶᠢ ᠨᠢ ᠵᠠᠶᠢᠯᠠᠭᠤᠯᠵᠤ᠂ | ᠤᠬᠤᠷᠢᠭᠤᠯᠬᠤ ᠶᠣᠰᠣᠲᠠᠢ ᠶᠢ ᠨᠢ ᠤᠬᠤᠷᠢᠭᠤᠯᠵᠤ᠂ ᠭᠠᠮᠰᠢᠭ ᠡᠭᠦᠰᠬᠦ ᠠᠴᠠ ᠡᠮᠦᠨ᠎ᠡ ᠤᠷᠢᠳᠴᠢᠯᠠᠨ ᠰᠡᠷᠭᠡᠶᠢᠯᠡᠵᠦ᠂ | ᠤᠯᠠᠨ ᠲᠦᠮᠡᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠭᠠᠮᠰᠢᠭ ᠤᠨ ᠬᠤᠬᠢᠷᠠᠯ ᠢ ᠪᠠᠭᠠᠰᠬᠠᠨ | ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ ᠮᠠᠨ ᠤ ᠤᠯᠤᠰ ᠤᠨ ᠮᠥᠩᠭᠦᠨ | ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠡᠮᠬᠢ ᠳᠢᠭᠯᠢᠮ ᠲᠠᠢ ᠶᠠᠪᠤᠭᠳᠠᠵᠤ᠂ ᠢᠳᠡᠪᠬᠢᠲᠡᠢ ᠠᠬᠢᠴᠠ ᠲᠠᠢ ᠪᠤᠯᠵᠤ᠂ | ᠨᠡᠶᠢᠳᠡ 100 ᠭᠠᠷᠤᠢ ᠭᠠᠳᠠᠭᠠᠳᠤ ᠪᠡᠯᠡ ᠶᠢᠨ ᠪᠠᠩᠬᠢ᠂ ᠳᠠᠭᠠᠳᠬᠠᠯ᠂ ᠦᠨᠡᠲᠦ ᠲᠡᠮᠳᠡᠭᠲᠦ᠂ ᠵᠣᠭᠤᠰ ᠲᠥᠯᠥᠵᠦ | ᠲᠣᠭᠠᠴᠠᠨ ᠪᠤᠳᠤᠬᠤ ᠵᠡᠷᠭᠡ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠪᠡ ᠭᠡᠵᠡᠢ᠃ ᠬᠤᠷᠠᠯ ᠠᠴᠠ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠳᠠᠪᠤᠷᠢ ᠶᠢ ᠴᠢᠩᠭᠠᠳᠬᠠᠬᠤ ᠶᠢᠨ | ᠲᠣᠭᠤᠷᠢᠨ ᠳᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂ ᠬᠤᠶᠠᠷ ᠵᠠᠬ᠎ᠠ ᠳᠡᠯᠭᠡᠭᠦᠷ | ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠤᠯᠤᠰ ᠢ ᠢᠮᠠᠭᠲᠠ ᠭᠠᠳᠠᠭᠠᠳᠤ ᠪᠡᠯᠡ ᠶᠢ | ᠲᠠᠲᠠᠨ ᠣᠷᠣᠭᠤᠯᠬᠤ ᠠᠰᠢᠭᠲᠠᠢ ᠣᠷᠣᠨ ᠪᠣᠯᠭᠠᠬᠤ ᠬᠡᠷᠡᠭᠲᠡᠢ᠃ ᠨᠢᠭᠡ ᠳᠤ᠂ ᠮᠥᠩᠭᠦᠨ ᠭᠦᠢᠯᠭᠡᠭᠡᠨ ᠤ ᠦᠢᠯᠡᠰ ᠤᠨ | ᠭᠠᠳᠠᠭᠠᠳᠤ ᠨᠡᠬᠡᠬᠡᠯᠳᠡ ᠶᠢᠨ ᠠᠮᠠᠯᠠᠯᠲᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ | ᠨᠡᠬᠡᠬᠡᠯᠳᠡ ᠶᠢᠨ ᠬᠡᠮᠵᠢᠶ᠎ᠡ ᠪᠠᠷ ᠨᠡᠯᠢᠶᠡᠳ ᠥᠨᠳᠥᠷ ᠤᠯᠠᠨ ᠤᠯᠤᠰ ᠤᠨ ᠪᠠᠷᠢᠮᠵᠢᠶ᠎ᠠ ᠲᠠᠢ ᠰᠠᠨᠠᠭᠠᠴᠢᠯᠠᠭ᠎ᠠ ᠠᠴᠠ ᠪᠠᠨ | ᠬᠠᠷᠭᠤᠭᠤᠯᠵᠤ᠂ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ ᠪᠠᠷ ᠰᠠᠭᠤᠷᠢ ᠪᠣᠯᠭᠠᠭᠰᠠᠨ ᠨᠡᠩ ᠥᠨᠳᠥᠷ ᠬᠢᠷᠢ | ᠲᠦᠪᠰᠢᠨ ᠪᠦᠬᠦᠢ ᠮᠥᠩᠭᠦᠨ ᠭᠦᠢᠯᠭᠡᠭᠡᠨ ᠤ ᠨᠡᠬᠡᠬᠡᠯᠳᠡ ᠶᠢ ᠪᠦᠷᠢᠯᠳᠦᠭᠦᠯᠬᠦ ᠬᠡᠷᠡᠭᠲᠡᠢ᠃ ᠬᠤᠶᠠᠷ ᠲᠤ᠂ ᠭᠠᠳᠠᠭᠠᠳᠤ | ᠪᠡᠯᠡ ᠶᠢᠨ ᠪᠠᠩᠬᠢ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ | ᠪᠠᠷᠢᠮᠵᠢᠶ᠎ᠠ ᠱᠠᠭᠠᠷᠳᠠᠯᠭ᠎ᠠ ᠶᠢ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠬᠡ ᠬᠦᠦ ᠺᠣᠮᠫᠠᠨᠢ ᠶᠢᠨ | ᠬᠢᠯᠢ ᠠᠯᠤᠰᠯᠠᠨ ᠶᠠᠪᠤᠯᠴᠠᠬᠤ ᠳᠦᠷᠢᠮ ᠵᠢᠷᠤᠮ ᠢ ᠲᠡᠭᠦᠯᠳᠡᠷᠵᠢᠭᠦᠯᠬᠦ ᠬᠡᠷᠡᠭᠲᠡᠢ᠃ ᠭᠠᠳᠠᠭᠠᠳᠤ ᠪᠡᠯᠡ ᠶᠢᠨ ᠬᠢᠯᠢ ᠶᠢᠨ | ᠳᠣᠲᠣᠷᠠᠬᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤ ᠣᠷᠣᠯᠴᠠᠬᠤ ᠠᠷᠭ᠎ᠠ ᠵᠠᠮ ᠪᠠ ᠠᠷᠭ᠎ᠠ ᠮᠠᠶ᠋ᠢᠭ ᠢ | ᠰᠢᠯᠢᠳᠡᠭᠵᠢᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠶ ᠲᠠᠢ ᠨᠢᠭᠲᠠ ᠬᠤᠯᠪᠣᠭ᠎ᠠ ᠪᠦᠬᠦᠢ ᠰᠢᠭᠤᠳ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠬᠢᠷᠢ | ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠬᠤᠷᠸ᠎ᠠ | ᠲᠠᠯ᠎ᠠ ᠶᠢᠨ ᠬᠢᠨᠠᠭᠤᠷ ᠪᠣᠯᠭᠤᠮᠵᠢᠲᠠᠶ ᠲᠦᠷᠦ ᠶᠢᠨ ᠪᠤᠳᠤᠯᠭ᠎ᠠ ᠶᠢᠨ ᠪᠣᠷᠣ ᠲᠥᠰᠥᠪ ᠢ ᠲᠡᠭᠦᠯᠳᠡᠷᠵᠢᠭᠦᠯᠵᠦ᠂ ᠰᠢᠰᠲ᠋ᠧᠮ ᠤᠨ | ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠰᠢᠨᠵᠢᠯᠡᠬᠦ᠂ ᠦᠨᠡᠯᠡᠨ ᠵᠢᠱᠢᠬᠦ ᠪᠠ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ | ᠪᠠᠲᠤᠯᠠᠬᠤ ᠬᠡᠷᠡᠭᠲᠡᠢ ᠭᠡᠵᠦ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠬᠢᠯᠢ ᠠᠯᠤᠰᠯᠠᠭᠰᠠᠨ ᠠᠷᠠᠯᠵᠢᠶᠠᠨ ᠤ | ᠳᠥᠭᠦᠮᠴᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠳᠠᠮᠵᠢᠭᠤᠯᠵᠤ᠂ ᠪᠦᠬᠦ ᠤᠯᠤᠰ ᠤᠨ ᠭᠠᠳᠠᠭᠠᠳᠤ ᠣᠷᠣᠭᠤᠯᠤᠯᠲᠠ᠂ ᠭᠠᠳᠠᠭᠠᠳᠤ ᠭᠠᠷᠭᠠᠯᠲᠠ ᠶᠢᠨ | ᠪᠦᠬᠦᠯᠢ ᠴᠣᠭᠴᠠ ᠶᠢᠨ ᠪᠣᠭᠤᠮᠲᠠ ᠥᠩᠭᠡᠷᠡᠬᠦ ᠴᠠᠭ ᠢ 2017 ᠣᠨ ᠤ ᠬᠢ ᠠᠴᠠ ᠲᠤᠰ ᠲᠤᠰ 60%᠂ 80% ᠠᠴᠠ | ᠳᠡᠭᠡᠭᠰᠢ ᠪᠣᠭᠤᠨᠢᠰᠬᠠᠪᠠ ᠭᠡᠵᠡᠢ᠃ ᠬᠤᠷᠠᠯ ᠠᠴᠠ᠂ ᠳᠠᠷᠠᠭᠠᠴᠢ ᠶᠢᠨ ᠠᠯᠬᠤᠮ ᠳᠤ᠂ ᠢᠯᠠᠩᠭᠤᠶ᠎ᠠ ᠳᠣᠣᠷ᠎ᠠ ᠬᠠᠭᠠᠰ ᠵᠢᠯ ᠤᠨ | ᠳᠡᠯᠡᠬᠡᠢ ᠶᠢᠨ ᠪᠠᠶᠢᠳᠠᠯ ᠪᠣᠯᠤᠨ ᠣᠷᠴᠢᠨ ᠲᠣᠭᠤᠷᠢᠨ ᠤ ᠬᠤᠪᠢᠷᠠᠯᠲᠠ ᠳᠤ ᠴᠢᠭᠯᠡᠭᠦᠯᠦᠨ᠂ ᠬᠢᠯᠢ ᠶᠢᠨ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠬᠢᠯᠢ ᠶᠢᠨ ᠪᠣᠭᠤᠮᠲᠠ ᠪᠠᠷ | ᠥᠩᠭᠡᠷᠡᠭᠡᠬᠦ ᠳᠥᠭᠦᠮᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠣᠭᠤᠯᠤᠯᠲᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ | ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠠᠳᠠᠭᠠᠳᠤ ᠳᠤ | ᠭᠠᠷᠭᠠᠬᠤ ᠪᠠᠷᠠᠭ᠎ᠠ ᠶᠢ ︽ᠭᠠᠷᠠᠮ ᠳᠤ ᠬᠦᠷᠭᠡᠵᠦ ᠰᠢᠭᠤᠳ ᠲᠡᠭᠡᠭᠡᠪᠦᠷᠢᠯᠡᠬᠦ︾ ᠪᠠ ᠭᠠᠳᠠᠭᠠᠳᠤ ᠠᠴᠠ ᠣᠷᠣᠭᠤᠯᠬᠤ | ᠪᠠᠷᠠᠭ᠎ᠠ ᠶᠢ ︽ᠣᠩᠭᠤᠴᠠᠨ ᠤ ᠬᠠᠵᠠᠭᠤ ᠠᠴᠠ ᠰᠢᠭᠤᠳ ᠠᠪᠬᠤ︾ ᠲᠤᠷᠰᠢᠯᠲᠠ ᠶᠢᠨ ᠴᠡᠭ ᠢ ᠥᠷᠭᠡᠳᠬᠡᠬᠦ ᠬᠡᠷᠡᠭᠲᠡᠢ᠃ | ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠡᠨᠡ | ᠵᠢᠯ ᠤᠨ ᠰᠡᠭᠦᠯᠴᠢ ᠠᠴᠠ ᠡᠮᠦᠨ᠎ᠡ ᠭᠠᠶᠢᠯᠢ ᠶᠢ ᠪᠤᠴᠠᠭᠠᠬᠤ ᠵᠦᠢᠯᠡᠰ ᠢ ᠭᠦᠢᠴᠡᠳᠬᠡᠬᠦ ᠳᠤᠮᠳᠠᠴᠢ ᠴᠠᠭ ᠢ 7 ᠠᠵᠢᠯᠯᠠᠬᠤ | ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠬᠠᠬᠤ ᠬᠡᠷᠡᠭᠲᠡᠢ᠃ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠭᠰᠠᠨ | ᠪᠠᠷᠠᠭ᠎ᠠ ᠶᠢ ᠪᠤᠴᠠᠭᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ︽ᠣᠷᠣᠨ ᠪᠦᠰᠡ ᠶᠢᠨ ᠪᠦᠬᠦ | ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠠᠬᠢ ᠠᠷᠠᠯᠵᠢᠶ᠎ᠠ ᠶᠢ ᠳᠥᠭᠦᠮᠴᠢᠯᠡᠬᠦ ᠠᠷᠭ᠎ᠠ | ᠬᠡᠮᠵᠢᠶ᠎ᠡ ᠯᠦᠭᠡ ᠶᠢᠨ ᠵᠣᠯᠭᠠᠯᠳᠤᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠬᠢᠯᠢ ᠶᠢᠨ | ᠪᠣᠭᠤᠮᠲᠠ ᠶᠢᠨ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠵᠤ᠂ | ᠨᠠᠷᠢᠨ ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠵᠤ ᠪᠣᠯᠬᠤ ᠥᠬᠡᠶ᠃ ᠳᠠᠯᠠᠢ ᠳᠠᠭᠠᠤ ᠭᠠᠷᠠᠮ ᠤᠨ ᠠᠶᠠᠯᠠᠯ | ᠵᠠᠮᠴᠢᠯᠠᠬᠤ ᠵᠠᠷᠤᠳᠠᠯ ᠤᠨ ᠪᠠᠷᠢᠮᠵᠢᠶ᠎ᠠ ᠶᠢ ᠪᠠᠭᠤᠷᠠᠭᠤᠯᠬᠤ ᠬᠡᠷᠡᠭᠲᠡᠢ᠃ ᠭᠤᠷᠪᠠ ᠳᠤ᠂ ᠬᠢᠯᠢ ᠶᠢᠨ ᠪᠣᠭᠤᠮᠲᠠ ᠶᠢᠨ | ᠶᠡᠷᠦᠩᠬᠡᠶᠢᠯᠡᠭᠰᠡᠨ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠠᠭᠠᠷ ᠤᠨ ᠠᠶᠠᠯᠠᠯ ᠤᠨ ᠬᠢᠯᠢ ᠶᠢᠨ | ᠪᠣᠭᠤᠮᠲᠠ ᠶᠢᠨ ᠬᠤᠪᠢᠶᠠᠷᠢᠯᠠᠨ ᠰᠠᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠰᠤᠨ ᠵᠠᠮ ᠤᠨ | ᠲᠡᠭᠡᠭᠡᠪᠦᠷᠢ ᠠᠴᠠ ᠲᠡᠮᠦᠷ ᠵᠠᠮ ᠤᠨ ᠲᠡᠭᠡᠭᠡᠪᠦᠷᠢ ᠳᠤ ᠰᠢᠯᠵᠢᠭᠦᠯᠬᠦ ᠪᠠᠷᠠᠭ᠎ᠠ ᠳᠤ᠂ ︽ᠲᠡᠷᠭᠡ ᠣᠩᠭᠤᠴᠠ ᠠᠴᠠ ᠰᠢᠭᠤᠳ | ᠠᠪᠬᠤ︾ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |