ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠣᠩᠭᠤᠭᠤᠯᠢ ᠶᠢᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠤᠨ ᠬᠤᠷᠠᠯ ᠬᠤᠷᠠᠯᠳᠣᠪᠠ᠃      ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠴᠠ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠳᠤ ᠳᠤᠬᠢᠷᠠᠭᠤᠯᠤᠯᠳᠠ ᠪᠠᠶᠢᠷᠢᠯᠠᠭᠤᠯᠤᠯᠲᠠ ᠬᠢᠭᠰᠡᠨ ᠪᠥᠭᠡᠳ ᠰᠣᠩᠭᠤᠭᠤᠯᠢ ᠶᠢᠨ ᠴᠠᠭ ᠤᠨ ᠳᠤᠬᠢᠷᠠᠭᠤᠯᠤᠯᠳᠠ᠂ ᠲᠥᠯᠥᠭᠡᠯᠡᠭᠴᠢ ᠶᠢᠨ ᠰᠣᠩᠭᠤᠭᠤᠯᠢ ᠶᠢᠨ ᠲᠡᠰ ᠳᠠᠷᠠᠭᠠᠯᠠᠯ᠂ ᠵᠢᠱᠢᠭᠳᠡᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠶᠢ ᠰᠢᠯᠭᠠᠨ ᠪᠠᠶᠢᠴᠠᠭᠠᠬᠤ᠂ ᠳᠡᠭᠡᠭᠰᠢ ᠮᠡᠳᠡᠭᠦᠯᠬᠦ ᠴᠢᠬᠤᠯᠠᠲᠠᠢ ᠮᠠᠲ᠋ᠧᠷᠢᠶᠠᠯ ᠵᠡᠷᠭᠡ 5 ᠲᠠᠯ᠎ᠠ ᠪᠠᠷ ᠨᠠᠷᠢᠨ ᠲᠣᠳᠣᠷᠬᠠᠶᠢᠯᠠᠯᠲᠠ ᠬᠢᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠣᠩᠭᠤᠭᠤᠯᠢ ᠶᠢᠨ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠨᠢ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠶ ᠲᠠᠨᠢᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠪᠦᠲᠦᠴᠡ ᠶᠢᠨ ᠬᠠᠷᠢᠴᠠᠯ ᠢ ᠴᠢᠩᠭ᠎ᠠ ᠡᠵᠡᠮᠳᠡᠵᠦ᠂ ᠲᠥᠯᠥᠭᠡᠯᠡᠭᠴᠢ ᠶᠢ ᠲᠠᠨᠢᠯᠴᠠᠭᠤᠯᠬᠤ ᠲᠡᠰ ᠳᠠᠷᠠᠭᠠᠯᠠᠯ ᠢ ᠴᠢᠩᠭ᠎ᠠ ᠠᠳᠬᠤᠵᠤ᠂ ᠲᠥᠯᠥᠭᠡᠯᠡᠭᠴᠢ ᠶᠢᠨ ᠬᠢᠷᠢ ᠬᠡᠮ ᠤᠨ ᠨᠥᠬᠦᠴᠡᠯ ᠢ ᠴᠢᠩᠭ᠎ᠠ ᠠᠳᠬᠤᠵᠤ᠂ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠳᠤ ᠪᠠᠲᠤ ᠴᠢᠩᠭ᠎ᠠ ᠪᠠᠲᠤᠯᠠᠭ᠎ᠠ ᠪᠠ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ︔ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠤᠬᠢᠷᠠᠭᠤᠯᠵᠤ᠂ ᠲᠥᠯᠥᠭᠡᠯᠡᠭᠴᠢ ᠶᠢ ᠲᠠᠨᠢᠯᠴᠠᠭᠤᠯᠵᠤ ᠨᠡᠷ᠎ᠡ ᠳᠤᠷᠠᠳᠬᠤ᠂ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ᠂ ᠶᠡᠭᠡ ᠬᠤᠷᠠᠯ ᠤᠨ ᠰᠣᠩᠭᠤᠭᠤᠯᠢ ᠶᠢ ᠬᠠᠮᠲᠤ ᠪᠠᠷ ᠬᠢᠨᠠᠨ ᠪᠠᠶᠢᠴᠠᠭᠠᠬᠤ ᠵᠡᠷᠭᠡ ᠭᠤᠭᠴᠤᠭ᠎ᠠ ᠶᠢᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ︔ ᠥᠷᠭᠡᠨ ᠤᠯᠠᠨ ᠨᠠᠮ ᠤᠨ ᠭᠡᠰᠢᠭᠦᠨ ᠢ ᠥᠷᠭᠡᠨ ᠢᠶᠠᠷ ᠤᠬᠠᠭᠤᠯᠵᠤ᠂ ᠵᠥᠪ ᠢᠶᠠᠷ ᠬᠥᠲᠥᠯᠥᠨ ᠵᠢᠯᠣᠭᠤᠳᠴᠤ ᠪᠠᠶᠢᠭᠠᠳ ᠲᠥᠯᠥᠭᠡᠯᠡᠭᠴᠢ ᠰᠣᠩᠭᠤᠬᠤ᠂ ᠨᠡᠷ᠎ᠡ ᠳᠤᠷᠠᠳᠬᠤ᠂ ᠫᠢᠶᠣᠣ ᠥᠭᠬᠦ ᠵᠡᠷᠭᠡ ᠠᠵᠢᠯ ᠳᠤ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠣᠷᠣᠯᠴᠠᠭᠤᠯᠵᠤ᠂ ᠰᠤᠷᠲᠠᠯ ᠴᠢᠬᠡᠴᠢ ᠣᠪᠣᠷ ᠲᠥᠪ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ᠂ ᠬᠤᠳᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠳᠤ ᠰᠠᠶᠢᠨ ᠰᠠᠭᠤᠷᠢ ᠶᠢ ᠲᠠᠯᠪᠢᠵᠤ ᠥᠭᠬᠦ ᠬᠡᠷᠡᠭᠲᠡᠶ ᠬᠡᠵᠡᠢ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号