ᠶᠠᠩ ᠶᠢᠨ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠡ᠂ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠶᠢ ᠰᠠᠶᠢᠲᠤᠷ ᠠᠳᠬᠤᠵᠤ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠨᠡᠩ ᠥᠪᠡᠷᠮᠢᠴᠡ ᠣᠨᠴᠠᠯᠢᠭ ᠲᠠᠢ᠂ ᠨᠡᠩ ᠥᠨᠳᠥᠷ ᠲᠦᠪᠰᠢᠨ ᠲᠠᠢ ᠪᠣᠯᠭᠠᠨ ᠡᠷᠬᠢᠯᠡᠬᠦ ᠬᠡᠷᠡᠭᠲᠡᠢ ᠬᠡᠵᠡᠢ᠃      ᠶᠠᠩ ᠶᠢᠨ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ᠂ ᠰᠤᠷᠤᠭᠴᠢᠳ ᠤᠨ ᠨᠡᠶᠢᠲᠡ ᠶᠢᠨ ᠪᠠᠶᠢᠷᠢ ᠶᠢᠨ ᠠᠰᠠᠷ᠂ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ᠂ ᠶᠡᠷᠦᠩᠬᠡᠶᠢᠯᠡᠭᠰᠡᠨ ᠦᠢᠯᠡᠴᠢᠯᠡᠭᠡᠨ ᠤ ᠢᠨᠵᠧᠨᠧᠷᠢᠩ ᠵᠡᠷᠭᠡ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠶᠠᠩ ᠶᠢᠨ ᠵᠢᠭᠠᠵᠤ ᠭᠠᠷᠭᠠᠭᠰᠠᠨ ᠨᠢ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠡᠭᠡᠳᠦ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠤᠨ ᠵᠢᠭᠠᠨ ᠰᠤᠷᠭᠠᠬᠤ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ᠃ ᠰᠠᠭᠤᠷᠢ ᠲᠥᠬᠦᠭᠡᠷᠦᠮᠵᠢ ᠪᠣᠯᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠵᠡᠷᠭᠡᠪᠡᠷ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠰᠣᠶᠣᠯ ᠤᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠵᠥᠭᠡᠯᠡᠨ ᠬᠠᠲᠠᠭᠤ ᠬᠡᠷᠡᠭᠰᠡᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠭᠠᠬᠤ ᠪᠠᠷ ᠴᠢᠷᠮᠠᠶᠢᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢᠶᠠᠨ ᠰᠠᠶᠢᠲᠤᠷ ᠬᠢᠵᠦ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠵᠢᠯᠲᠠᠳ ᠤᠨ ᠡᠷᠡᠭᠦᠯ ᠮᠡᠨᠳᠤ ᠶᠢᠨ ᠠᠮᠤᠷ ᠲᠦᠪᠰᠢᠨ ᠢ ᠨᠢ ᠰᠠᠶᠢᠲᠤᠷ ᠪᠠᠲᠤᠯᠠᠬᠤ ᠬᠡᠷᠡᠭᠲᠡᠶ᠃ ᠴᠢᠳᠠᠪᠤᠷᠢᠲᠠᠨ ᠢᠶᠠᠷ ᠰᠤᠷᠭᠠᠭᠤᠯᠢ ᠪᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠬᠦᠴᠦᠯᠡᠵᠦ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠪᠠᠷ ᠬᠦᠴᠦᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠬᠡᠵᠡᠢ᠃      ᠦᠬᠠᠢ ᠶᠢᠨ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠲᠥᠪ ᠲᠤ᠂ ᠶᠠᠩ ᠶᠢᠨ ᠳᠠᠳᠤᠯᠭ᠎ᠠ ᠪᠣᠯᠪᠠᠰᠤᠷᠠᠯ ᠤᠨ ᠲᠥᠪ ᠤᠨ ᠪᠦᠳᠦᠭᠡᠨ ᠪᠠᠶᠢᠭᠤᠯᠤᠯᠲᠠ ᠵᠢᠴᠢ ᠬᠠᠮᠢᠶᠠᠷᠤᠯᠲᠠ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠠᠵᠤ ᠦᠢᠯᠡᠳᠪᠦᠷᠢ ᠶᠢᠨ ᠦᠵᠡᠬᠦᠯᠦᠯᠭᠡ ᠶᠢᠨ ᠣᠷᠳᠣᠨ᠂ ᠪᠠᠷᠢᠯᠭ᠎ᠠ ᠶᠢᠨ ᠳᠠᠳᠤᠯᠭ᠎ᠠ ᠪᠣᠯᠪᠠᠰᠤᠷᠠᠯ ᠤᠨ ᠣᠷᠳᠣᠨ ᠢ ᠲᠣᠭᠤᠷᠢᠨ ᠦᠵᠡᠵᠦ᠂ ᠤᠷ᠎ᠠ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠶᠠᠩ ᠶᠢᠨ ᠴᠢᠬᠤᠯᠠᠴᠢᠯᠠᠭᠰᠠᠨ ᠨᠢ᠂ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠪᠥᠬᠦ ᠲᠠᠯ᠎ᠠ ᠶᠢ ᠪᠣᠳᠣᠯᠬᠢᠯᠠᠨ᠂ ᠨᠠᠷᠢᠨ ᠨᠢᠮᠪᠠᠶ ᠬᠡᠷᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠠᠨ ᠵᠦᠶ ᠵᠣᠬᠢᠰᠲᠠᠶ ᠬᠢᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠪᠣᠳᠠᠲᠠᠶ ᠪᠣᠯᠪᠠᠰᠤᠷᠠᠯ ᠤᠨ ᠲᠥᠪ ᠤᠨ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠨᠤᠲᠤᠭ᠂ ᠡᠷᠬᠢᠨ ᠲᠣᠭᠤᠷᠢᠨ ᠤ ᠠᠵᠤ ᠦᠢᠯᠡᠰ ᠤᠨ ᠬᠥᠭᠵᠢᠯᠲᠡ ᠲᠠᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠣᠯᠠᠨ ᠲᠠᠰ ᠳᠠᠪᠬᠤᠷᠭ᠎ᠠ ᠣᠯᠠᠨ ᠡᠰᠢᠴᠢᠯᠡᠭᠰᠡᠨ ᠪᠣᠯᠪᠠᠰᠤᠷᠠᠯ ᠤᠨ ᠰᠢᠰᠲ᠋ᠧᠮᠵᠢ ᠶᠢ ᠪᠠᠶᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ᠂ ᠤᠷ᠎ᠠ ᠴᠢᠳᠠᠪᠤᠷᠢ ᠶᠢᠨ ᠬᠡᠯᠪᠡᠷᠢ ᠶᠢᠨ ᠦᠯᠡᠮᠵᠢ ᠣᠯᠠᠨ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠬᠤ ᠬᠡᠷᠡᠭᠲᠡᠶ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠳᠦᠷᠢᠮᠵᠢᠭᠦᠯᠦᠯᠲᠡ ᠶᠢ ᠠᠬᠢᠭᠤᠯᠵᠤ᠂ ᠨᠡᠩ ᠤᠯᠠᠨ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠤᠯᠠᠨ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠠᠵᠤ ᠦᠢᠯᠡᠳᠪᠦᠷᠢ + ᠵᠢᠭᠤᠯᠴᠢᠯᠠᠯ︾ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠪᠠᠭᠤᠷᠢ ᠶᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠬᠤᠳᠠ ᠶᠢᠨ ᠰᠣᠶᠣᠯ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠬᠦ ᠬᠡᠷᠡᠭᠲᠡᠢ ᠬᠡᠵᠡᠢ᠃      ᠬᠤᠲᠠ ᠶᠢᠨ ᠳᠡᠳ᠋ ᠳᠠᠷᠤᠭ᠎ᠠ ᠯᠢᠦ ᠰᠣ᠋ ᠬᠤᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号