ᠶᠠᠩ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠠᠶᠢᠨᠠᠨ ᠲᠣᠭᠤᠷᠢᠭ ᠲᠤ ᠭᠦᠨᠵᠡᠭᠡᠶᠢᠷᠡᠨ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠠᠳᠬᠤᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠪᠣᠯᠤᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠳᠡᠳ᠋ ᠳᠠᠷᠤᠭ᠎ᠠ ᠯᠢᠶᠠᠩ ᠱᠣ᠋ ᠫᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠱᠧᠨ ᠬᠤᠸᠠ ᠪᠦᠯᠦᠭᠯᠡᠯ ᠤᠨ ᠬᠠᠶᠢᠷᠤᠪ ᠤᠨ ᠲᠤᠬᠤᠢ ᠶᠢᠨ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠳᠤ᠂ ᠶᠠᠩ ᠶᠢᠨ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ᠂ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠰᠡᠷᠭᠦᠭᠡᠯᠲᠡ᠂ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠤ ᠠᠰᠢᠭᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠬᠢᠷᠲᠤᠯ ᠦᠭᠡᠢ ᠠᠭᠤᠷᠬᠠᠢ ᠶᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠪᠠ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ︽ᠬᠤᠣᠰ ᠲᠠᠷᠤᠭ᠎ᠠ ᠶᠢᠨ ᠲᠦᠷᠢᠮ ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃        ᠶᠠᠩ ᠶᠢᠨ ᠴᠢᠬᠤᠯᠠᠴᠢᠯᠠᠭᠰᠠᠨ ᠨᠢ᠂ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠬᠤ ᠶᠤᠮ᠃ ᠮᠥᠨᠴᠦ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠪᠣᠯᠤᠨ ᠬᠤᠯᠪᠤᠭᠳᠠᠯ ᠪᠦᠬᠦᠢ ᠠᠵᠤ ᠠᠬᠤᠶᠢᠯᠠᠯ ᠤᠨ ᠬᠢᠨ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ᠂ ᠬᠥᠭᠵᠢᠯᠲᠡ ᠶᠢᠨ ᠦᠨᠳᠦᠷᠴᠡ ᠠᠴᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠤᠶᠢᠯᠠᠭᠠᠨ ᠡᠵᠡᠮᠰᠢᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠵᠢᠷᠤᠮᠵᠢᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ᠂ ᠰᠢᠷᠣᠶ ᠭᠠᠳᠠᠭᠰᠢᠯᠠᠭᠤᠯᠬᠤ ᠲᠠᠯᠠᠪᠠᠶ ᠪᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ᠂ ᠳᠠᠬᠢᠨ ᠨᠣᠭᠤᠭᠠᠷᠠᠭᠤᠯᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠬᠤ ᠬᠡᠷᠡᠭᠳᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠠᠯᠤᠰ ᠬᠡᠳᠦ ᠶᠢ ᠪᠣᠳᠣᠯᠬᠢᠯᠠᠨ ᠠᠵᠤ ᠦᠢᠯᠡᠰ ᠤᠨ ᠪᠠᠶᠢᠷᠢᠰᠢᠯ ᠢ ᠲᠥᠯᠥᠪᠵᠢᠭᠦᠯᠵᠦ᠂ ᠠᠮᠢ ᠠᠬᠤᠢ ᠶᠢ ᠰᠡᠷᠭᠦᠭᠡᠬᠦ ᠪᠠ ᠨᠡᠭᠡᠭᠡᠨ ᠠᠰᠢᠭᠯᠠᠬᠤ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃ ︽ᠬᠤᠣᠰ ᠲᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠶᠣᠰᠣᠭᠠᠷ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠶᠡᠷᠦᠩᠬᠡᠶᠢᠯᠡᠨ ᠵᠠᠰᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ᠃ ᠠᠶᠤᠯᠭᠦᠶ ᠶᠢᠨ ᠤᠬᠠᠮᠰᠠᠷ ᠢᠶᠠᠨ ᠴᠢᠩᠭᠠᠷᠠᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠠᠳᠬᠤᠵᠤ᠂ ᠠᠭᠤᠷᠬᠠᠶ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠶ ᠠᠳᠬᠤᠵᠤ᠂ ᠡᠯ᠎ᠡ ᠵᠦᠢᠯ ᠤᠨ ᠠᠳᠡᠯ ᠭᠠᠷᠬᠤ ᠶᠢ ᠰᠡᠷᠭᠡᠶᠢᠯᠡᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠠᠩ ᠶᠢᠨ ᠪᠠᠰᠠ ᠯᠦᠩᠴᠠᠩ ᠠᠵᠤ ᠦᠢᠯᠡᠳᠪᠦᠷᠢ ᠠᠷᠠᠯᠵᠢᠶᠠᠨ ᠤ ᠺᠣᠮᠫᠠᠨᠢ ᠶᠢᠨ ᠲᠡᠮᠡᠭᠡᠲᠤ ᠠᠭᠤᠯᠠ ᠶᠢᠨ ᠨᠡᠭᠦᠷᠡᠰᠦᠨ ᠠᠭᠤᠷᠬᠠᠢ ᠶᠢᠨ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号