ᠲᠠᠩ ᠢ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠡ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠤᠶᠠᠳᠤᠭᠠᠷ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠲᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤᠪᠠᠷ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠥ᠂ ︽ᠨᠠᠮ ᠤᠨ ᠲᠡᠦᠬᠡ ᠶᠢ ᠰᠤᠷᠤᠯᠴᠠᠵᠥ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠨᠡᠭᠡᠭᠡᠬᠦ︾ ᠭᠤᠣᠯ ᠰᠡᠳᠦᠪ ᠤᠨ ᠲᠣᠭᠤᠷᠢᠨ ᠳᠤ᠂ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠦᠵᠡᠵᠦ᠂ ᠰᠢᠯᠲᠠᠭᠠᠨ ᠢᠶᠠᠨ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠵᠤᠤ ᠮᠢᠩ ᠵᠢᠴᠢ ᠲᠡᠭᠦᠨ ᠤ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ ᠬᠤᠷᠠᠯ ᠳᠤ ᠣᠷᠣᠯᠴᠠᠪᠡ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠤᠶᠠᠳᠤᠭᠠᠷ ᠨᠠᠮ ᠤᠨ ᠡᠭᠦᠷ ᠤᠨ ᠱᠦᠵᠢ ᠬᠠᠭᠠᠰ ᠵᠢᠯ ᠤᠨ ᠲᠤᠷᠰᠢᠬᠢ ᠨᠠᠮ ᠤᠨ ᠡᠭᠦᠷ ᠤᠨ ᠠᠵᠢᠯ ᠤᠨ ᠪᠠᠶᠢᠳᠠᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠦᠭᠰᠡᠨ ᠪᠠᠶᠢᠳᠠᠯ ᠢᠶᠠᠨ ᠮᠡᠳᠡᠭᠦᠯᠵᠦ᠂ ᠨᠠᠮ ᠤᠨ ᠡᠭᠦᠷ ᠤᠨ ᠬᠤᠷᠢᠶᠠᠨ ᠤ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢᠶᠠᠨ ᠮᠡᠳᠡᠭᠳᠡᠪᠡ᠃ ᠨᠠᠮ ᠤᠨ ᠡᠭᠦᠷ ᠤᠨ 6 ᠨᠠᠮ ᠤᠨ ᠭᠡᠰᠢᠭᠦᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠯᠤᠯᠲᠠ ᠳᠡᠭᠡᠭᠰᠢᠯᠡᠯᠲᠡ ᠪᠠᠨ ᠶᠠᠷᠢᠵᠤ᠂ ᠲᠤᠳᠠᠭᠳᠠᠯ ᠵᠦᠷᠢᠶ᠎ᠡ  ᠪᠠᠨ ᠡᠷᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠵᠣᠷᠢᠯᠭ᠎ᠠ ᠳᠠᠭᠠᠨ ᠬᠦᠷᠴᠡᠢ᠃        ᠲᠠᠩ ᠢ ᠵᠢᠭᠠᠵᠤ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠵᠠᠭᠤᠨ ᠵᠢᠯ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢ ᠳᠠᠶᠢᠴᠢᠯᠠᠨ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠣᠷᠣᠯᠴᠠᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠨᠠᠮ ᠤᠨ ᠬᠤᠷᠢᠶᠠᠨ ᠤ ᠠᠯᠪᠠᠨ ᠬᠡᠷ ᠨᠢ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠤᠬᠠᠮᠰᠠᠷ ᠠᠴᠠ ᠪᠠᠨ ᠲᠡᠤᠬᠡ ᠶᠢᠨ ᠶᠡᠭᠡ ᠠᠬᠤᠶ ᠪᠠᠶᠢᠳᠠᠯ ᠳᠣᠤᠷ᠎ᠠ ᠵᠣᠭᠰᠣᠵᠤ᠂ ᠨᠠᠮ ᠤᠨ ᠲᠡᠤᠬᠡ ᠶᠢᠨ ᠵᠠᠪᠠᠯ ᠰᠤᠷᠬᠤ ᠬᠢᠴᠢᠶᠡᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠰᠤᠷᠤᠯᠴᠠᠵᠤ᠂ ᠲᠡᠭᠦᠨ ᠤ ᠳᠤᠮᠳᠠ ᠠᠴᠠ ᠣᠶᠤᠨ ᠰᠠᠨᠠᠭᠠᠨ ᠤ ᠬᠦᠴᠦᠨ ᠢ ᠰᠢᠩᠭᠡᠭᠡᠨ ᠠᠪᠴᠤ᠂ ᠬᠤᠪᠢᠰᠬᠠᠯᠲᠤ ᠠᠮᠢᠨ ᠰᠤᠳᠠᠰᠤ ᠶᠢ ᠨᠢ ᠦᠷᠭᠦᠯᠵᠢᠯᠡᠭᠦᠯᠦᠨ᠂ ᠰᠢᠨ᠎ᠡ ᠴᠠᠭ ᠦᠶ᠎ᠡ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠬᠥᠮᠦᠰ ᠤᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠬᠦᠢᠴᠡᠳᠬᠡᠬᠦ ᠬᠡᠷᠡᠭᠲᠡᠶ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠯᠢᠭᠡᠷ ᠳᠠᠭᠤᠷᠢᠶᠠᠯ ᠪᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠵᠠᠷᠴᠢᠮ ᠪᠣᠯᠭᠠᠵᠤ᠂ ᠤᠬᠠᠮᠰᠠᠷ ᠠᠴᠠ ᠪᠠᠨ ᠪᠦᠬᠦ ᠲᠠᠯ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠪᠠᠶᠢᠳᠠᠯ ᠢ ᠡᠵᠡᠮᠳᠡᠵᠦ᠂ ᠠᠰᠠᠭᠤᠳᠠᠯ ᠢ ᠪᠣᠳᠣᠯᠬᠢᠯᠠᠵᠤ᠂ ᠠᠵᠢᠯ ᠢᠶᠠᠨ ᠲᠥᠯᠥᠪᠵᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠬᠠᠢ ᠳᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠠᠬᠢᠭᠤᠯᠬᠤ ᠬᠡᠷᠡᠭᠲᠡᠢ᠃ ᠲᠡᠦᠬᠡ ᠶᠢ ᠰᠤᠷᠤᠯᠴᠠᠵᠤ ᠢᠳᠡᠭᠡᠯ ᠢᠶᠠᠨ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ᠂ ᠵᠢᠳᠬᠦᠯ ᠴᠢᠷᠮᠠᠶᠢᠯᠭ᠎ᠠ ᠲᠠᠢ ᠪᠠᠶᠢᠬᠤ ᠦᠯᠢᠭᠡᠷ ᠳᠠᠭᠤᠷᠢᠶᠠᠯ ᠪᠤᠯᠵᠤ᠂ ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠤᠬᠠᠢ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠮ ᠦᠭᠡᠢ ᠵᠣᠷᠢᠭᠤᠯᠬᠤ ᠪᠠ ᠬᠠᠷᠠᠮᠰᠠᠯ ᠦᠭᠡᠢ ᠲᠡᠮᠡᠴᠡᠬᠦ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠨ ᠵᠠᠮ ᠢᠶᠠᠨ ᠬᠡᠷᠡᠯᠳᠤᠬᠦᠯᠬᠦ ᠬᠡᠷᠡᠭᠲᠡᠢ᠃ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠭᠢᠮᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠬᠢᠯᠭ᠎ᠠ ᠪᠠᠲᠤ ᠶᠢ ᠡᠷᠬᠢᠮᠯᠡᠬᠦ᠂ ᠶᠣᠰᠣ ᠲᠦᠷᠢᠮ ᠢ ᠰᠠᠬᠢᠬᠤ ᠦᠯᠢᠭᠡᠷ ᠳᠠᠭᠤᠷᠢᠶᠠᠯ ᠪᠤᠯᠵᠤ᠂ ᠢᠮᠠᠭᠲᠠ ᠲᠣᠭᠲᠠᠯ ᠬᠦᠴᠦᠨ ᠢᠶᠠᠨ ᠪᠠᠷᠢᠮᠲᠠᠯᠠᠵᠤ᠂ ᠪᠡᠶ᠎ᠡ ᠪᠠᠨ ᠪᠠᠷᠢᠵᠤ ᠤᠯᠠᠨ ᠤ ᠲᠥᠯᠥᠭᠡ ᠵᠢᠳᠬᠦᠵᠦ᠂ ᠶᠡᠭᠡ ᠶᠣᠰᠣ ᠰᠤᠷᠲᠠᠬᠤᠨ ᠢ ᠮᠡᠳᠡᠵᠦ᠂ ᠨᠡᠶᠢᠲᠡ ᠶᠢᠨ ᠶᠣᠰᠣ ᠰᠤᠷᠲᠠᠬᠤᠨ ᠢ ᠰᠠᠬᠢᠵᠤ᠂ ᠬᠤᠪᠢ ᠶᠢᠨ ᠶᠣᠰᠣ ᠰᠤᠷᠲᠠᠬᠤᠨ ᠢᠶᠠᠨ ᠴᠢᠩᠳᠠᠯᠠᠵᠤ᠂ ᠤᠬᠠᠮᠰᠠᠷ ᠠᠴᠠ ᠪᠠᠨ ᠭᠠᠵᠢᠭᠤ ᠰᠤᠷᠲᠠᠯ ᠢ ᠡᠰᠡᠷᠭᠦᠴᠡᠵᠦ᠂ ᠰᠠᠶᠢᠨ ᠲᠦᠷᠢ ᠲᠥᠷᠬᠦ ᠶᠢ ᠴᠢᠷᠮᠠᠶᠢᠨ ᠱᠤᠭᠤᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠵᠢᠯᠯᠠᠬᠤ ᠶᠢ ᠡᠷᠬᠢᠮᠯᠡᠬᠦ᠂ ᠨᠠᠶᠢᠳᠠᠪᠤᠷᠢᠵᠢᠭᠤᠯᠬᠤ ᠶᠢ ᠠᠳᠬᠤᠬᠤ ᠦᠯᠢᠭᠡᠷ ᠳᠠᠭᠤᠷᠢᠶᠠᠯ ᠪᠤᠯᠵᠤ᠂ ᠪᠦᠬᠦ ᠬᠤᠳᠠ ᠶᠢᠨ ᠭᠤᠣᠯ ᠠᠵᠢᠯ ᠤᠨ ᠲᠣᠭᠤᠷᠢᠨ ᠳᠤ ᠵᠣᠬᠢᠴᠠᠭᠤᠯᠤᠨ ᠬᠠᠷᠢᠯᠴᠠᠬᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ᠂ ᠪᠠᠶᠢᠴᠠᠭᠠᠨ ᠰᠤᠳᠤᠯᠤᠯᠲᠠ ᠬᠢᠬᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠵᠡᠷᠭᠡ ᠡᠭᠦᠷᠭᠡ ᠴᠢᠳᠠᠪᠬᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠠᠵᠢᠯᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠲᠤᠲᠤᠷᠬᠠᠶᠢᠯᠠᠵᠤ᠂ ᠣᠳᠣᠬᠢᠴᠢᠯᠠᠭᠰᠠᠨ ᠦᠬᠠᠢ ᠶᠢᠨ ᠪᠦᠳᠦᠭᠡᠨ ᠪᠠᠶᠢᠭᠤᠯᠤᠯᠲᠠ ᠶᠢᠨ ᠭᠡᠷᠡᠯ ᠰᠠᠴᠤᠷᠠᠩᠭᠤᠢ ᠦᠢᠯᠡᠳᠦᠯᠭᠡ ᠶᠢᠨ ᠳᠤᠮᠳᠠ ᠬᠥᠮᠦᠨ ᠤ ᠠᠮᠢᠳᠤᠷᠠᠯ ᠤᠨ ᠬᠡᠭᠡᠨᠴᠢᠷ ᠰᠠᠶᠢᠬᠠᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号