ᠲᠠᠩ ᠢ ᠳᠡᠭᠡᠷ᠎ᠡ ᠬᠠᠭᠠᠰ ᠵᠢᠯ ᠤᠨ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠡ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ 2021 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠤ ᠠᠬᠤᠶ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠨᠡᠷ ᠬᠤᠷᠠᠯ ᠳᠤ ᠣᠷᠣᠯᠴᠠᠪᠠ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠬᠢᠯᠡᠯᠲᠡ ᠨᠢ ᠪᠦᠬᠦ ᠲᠠᠯ᠎ᠠ ᠳᠤ ᠬᠤᠯᠪᠣᠭᠳᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠵᠦ ᠴᠢᠳᠠᠬᠤ ᠡᠰᠡᠬᠦ ᠨᠢ ᠡᠬᠢᠯᠡᠯᠲᠡ ᠶᠢᠨ ᠪᠠᠶᠢᠳᠠᠯ ᠢ ᠰᠢᠭᠤᠳ ᠲᠣᠭᠲᠠᠭᠠᠵᠤ᠂ ᠴᠢᠨᠠᠭᠰᠢᠯᠠᠪᠠᠯ ᠨᠡᠩ ᠤᠷᠲᠤ ᠬᠤᠭᠤᠴᠠᠭᠠᠨ ᠤ ᠬᠥᠭᠵᠢᠯᠲᠡ ᠶᠢ ᠨᠥᠯᠥᠭᠡᠯᠡᠬᠦ ᠪᠣᠯᠤᠨ᠎ᠠ᠃ ᠪᠠᠶᠢᠳᠠᠯ ᠢ ᠣᠨᠣᠪᠴᠢᠲᠠᠢ ᠡᠵᠡᠮᠳᠡᠵᠦ᠂ ᠵᠦᠷᠢᠶ᠎ᠡ ᠪᠠᠨ ᠰᠡᠷᠭᠡᠭ ᠢᠶᠠᠷ ᠲᠠᠨᠢᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠢᠭᠠᠷᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠪᠦᠬᠦ ᠬᠤᠳᠠ ᠶᠢᠨ ᠠᠵᠤ ᠠᠬᠤᠢ ᠶᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶᠢᠲᠠᠢ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠠᠳᠬᠤᠵᠤ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠭᠡᠨ ᠰᠣᠯᠠᠯᠠᠨ ᠭᠠᠷᠭᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠠᠷᠠᠯᠵᠢᠶᠠᠴᠢᠨ ᠤᠷᠢᠬᠤ ᠶᠢ ᠭᠤᠣᠯᠳᠠᠯᠭ᠎ᠠ ᠲᠠᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠬᠤᠯᠪᠤᠭᠳᠠᠯ ᠪᠦᠬᠦᠢ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠪᠦᠲᠦᠴᠡ ᠪᠠᠨ ᠳᠤᠬᠢᠷᠠᠭᠤᠯᠬᠤ᠂ ᠴᠢᠳᠠᠪᠬᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠦᠷ᠎ᠡ ᠪᠦᠲᠦᠮᠵᠢ ᠪᠠᠨ ᠴᠢᠩᠭᠠᠳᠬᠠᠨ ᠲᠤᠬᠢᠷᠠᠭᠤᠯᠭ᠎ᠠ ᠶᠢ ᠠᠳᠬᠤᠵᠤ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ᠂ ︽ᠡᠳᠦᠷ ᠪᠦᠷᠢ ᠴᠡᠭᠴᠡᠯᠡᠯᠳᠡ ᠲᠠᠢ ᠭᠠᠷᠠᠭ ᠪᠦᠷᠢ ᠠᠭᠢᠴᠠ ᠲᠠᠢ᠂ ᠭᠠᠷᠠᠭ ᠪᠦᠷᠢ ᠴᠡᠭᠴᠡᠯᠡᠯᠳᠡ ᠲᠠᠢ ᠰᠠᠷ᠎ᠠ ᠪᠦᠷᠢ ᠠᠬᠢᠴᠠ ᠲᠠᠢ᠂ ᠰᠠᠷ᠎ᠠ ᠪᠦᠷᠢ ᠴᠡᠭᠴᠡᠯᠡᠯᠳᠡ  ᠲᠠᠢ ᠤᠯᠠᠷᠢᠯ ᠪᠦᠷᠢ ᠠᠬᠢᠴᠠ ᠲᠠᠢ︾ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠲᠤᠬᠢᠷᠠᠭᠤᠯᠤᠨ ᠡᠵᠡᠮᠳᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠮᠥᠷᠳᠡᠨ ᠬᠢᠨᠠᠨ ᠬᠡᠮᠵᠢᠬᠦ ᠪᠠᠨ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠡᠷᠡᠰ ᠬᠤᠪᠢᠷᠠᠭᠤᠯᠬᠤ ᠬᠡᠷᠡᠭᠲᠡᠢ᠃ ᠲᠦᠷᠦᠯ ᠵᠦᠢᠯ ᠢ ᠲᠥᠰᠦᠪᠯᠡᠵᠦ ᠨᠥᠭᠡᠴᠡᠯᠡᠬᠦ ᠶᠢ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠸᠠᠷ ᠬᠠᠳᠬᠤᠬᠤ ᠠᠵᠢᠯ ᠢ ᠭᠦᠢᠴᠡᠳ ᠬᠢᠵᠦ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠰᠦᠪᠯᠡᠵᠦ ᠨᠥᠭᠡᠴᠡᠯᠡᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠨᠬᠦ ᠰᠠᠬᠢᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠦᠬᠦ ᠬᠤᠳᠠ ᠶᠢᠨ ᠬᠥᠭᠵᠢᠯᠲᠡ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠢᠨᠧᠷᠼᠢ ᠶᠢᠨ ᠰᠡᠳᠬᠢᠬᠦᠢ᠂ ᠵᠠᠮ ᠱᠤᠭᠤᠮ ᠤᠨ ᠲᠦᠰᠢᠭᠯᠡᠯ ᠢ ᠡᠷᠡᠰ ᠡᠪᠳᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠡᠳᠬᠢᠯ ᠰᠠᠨᠠᠭ᠎ᠠ ᠪᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号