7 ᠰᠠᠷ᠎ᠠ ᠶᠢᠨ 16 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 13 | ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠬᠤᠷᠢᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠬᠠᠢ ᠶᠢᠨ ᠠᠵᠢᠯ ᠢ ᠤᠬᠠᠮᠰᠠᠷ ᠠᠴᠠ ᠪᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠪᠠ ᠠᠷᠭ᠎ᠠ | ᠰᠦᠪᠡᠭᠴᠢᠯᠡᠵᠦ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠦᠨᠳᠦᠰᠦᠨ ᠭᠠᠷᠬᠤ ᠵᠠᠮ ᠪᠣᠯᠭᠠᠬᠤ ᠬᠡᠷᠡᠭᠲᠡᠢ᠃ ︽ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠰᠦᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠦᠬᠦᠭᠡᠷᠦᠮᠵᠢᠳᠤ ᠲᠠᠷᠢᠶᠠᠯᠠᠩ᠂ ᠤᠨᠴᠠᠯᠢᠬᠳᠤ ᠲᠠᠷᠢᠶᠠᠯᠠᠩ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠢ ᠦᠷ᠎ᠡ ᠪᠤᠶᠢᠵᠢᠭᠤᠯᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠬᠤᠳᠠᠯ | ᠬᠠᠭᠤᠷᠮᠠᠭ ᠴᠢᠨᠠᠷ ᠮᠠᠭᠤᠲᠠᠢ᠂ ᠫᠠᠶᠢᠰᠠ ᠳᠠᠮᠯᠠᠨ ᠡᠷᠬᠡ ᠳᠤ ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠤᠨ ᠦᠷ᠎ᠡ ᠶᠢᠨ ᠦᠢᠯᠡᠰ ᠤᠨ ᠠᠮᠤᠷ ᠲᠦᠪᠰᠢᠨ ᠢ | ᠬᠠᠮᠠᠭᠠᠯᠠᠬᠤ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠠᠮᠢ ᠠᠬᠤᠢ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ︽1+7︾ ᠠᠵᠢᠯ ᠤᠨ ᠲᠥᠰᠦᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ | ᠂ ᠭᠠᠵᠠᠷ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ | ᠬᠡᠷᠡᠭᠲᠡᠢ ᠬᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠪᠦᠬᠦ | ᠣᠷᠣᠨ ᠤ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠬᠥᠬᠢᠭᠦᠯᠦᠨ | ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢᠶᠠᠷ ᠳᠠᠭᠤᠷᠢᠶᠠᠯ ᠪᠣᠯᠭᠠᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠰᠢᠷᠭᠠᠭᠤ ᠬᠠᠲᠠᠭᠤᠵᠢᠯᠲᠠᠢ ᠪᠦᠭᠡᠳ ᠪᠣᠳᠠᠲᠠᠢ ᠠᠵᠢᠯᠯᠠᠵᠤ᠂ ᠨᠠᠮ ᠳᠠᠭᠠᠨ ᠣᠰᠣᠯᠳᠠᠬᠤ ᠦᠭᠡᠢ᠂ | ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠰᠢᠨ᠎ᠡ ᠠᠮᠵᠢᠯᠲᠠ | ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠨᠡᠩ ᠥᠨᠳᠥᠷ ᠪᠠᠷᠢᠮᠵᠢᠶ᠎ᠠ ᠪᠠᠷ ᠨᠡᠩ ᠴᠢᠩᠭ᠎ᠠ | ᠱᠠᠭᠠᠷᠳᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠬᠤ ᠪᠠᠷ | ᠴᠢᠷᠮᠠᠶᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠥᠨᠢ | ᠡᠭᠦᠷᠢᠳᠡ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠠᠷᠠᠳ ᠤᠨ ᠲᠥᠯᠥᠭᠡ | ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ ᠴᠢᠨᠠᠷ ᠢ ᠪᠠᠲᠤᠯᠠᠬᠤ ᠬᠡᠷᠡᠭᠲᠡᠢ᠃ | ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠨ᠎ᠡ ᠴᠠᠭ | ᠦᠶ᠎ᠡ ᠶᠢᠨ ᠬᠤᠰᠢᠭᠤᠴᠢ ᠵᠢᠱᠢᠶᠡᠴᠢ ᠪᠣᠯᠬᠤ ᠪᠠᠷ ᠴᠢᠷᠮᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ | ᠲᠦᠮᠡᠨ ᠳᠤ ᠦᠢᠯᠡᠴᠢᠯᠡᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠢᠷᠮᠠᠶᠢᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠳᠤᠮᠳᠠ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠬᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠪᠦᠬᠦ | ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠵᠢᠭᠠᠵᠤ | ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ | ᠳᠦᠷᠪᠡ ᠶᠢ ᠬᠠᠶᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ | ᠬᠤᠶᠢᠰᠢᠳᠠ ᠶᠢᠨ ᠲᠡᠳᠬᠦᠮᠵᠢ ᠶᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠶᠠᠳᠠᠭᠤ ᠠᠴᠠ ᠠᠩᠭᠢᠵᠢᠷᠠᠭᠤᠯᠬᠤ ᠰᠠᠭᠤᠷᠢ ᠪᠠᠨ ᠨᠡᠩ ᠪᠠᠲᠤᠳᠬᠠᠵᠤ᠂ ᠦᠷ᠎ᠡ ᠪᠦᠲᠦᠮᠵᠢ ᠪᠠᠨ ᠨᠡᠩ | ᠦᠷᠭᠦᠯᠵᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠲᠣᠰᠬᠤᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠷᠠᠳ ᠢ ᠪᠠᠶᠠᠵᠢᠭᠤᠯᠤᠨ ᠲᠣᠰᠬᠤᠨ ᠢ ᠬᠥᠭᠵᠢᠭᠦᠯᠬᠦ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ | ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠳᠠᠶᠢᠴᠢᠯᠠᠬᠤ ᠬᠡᠷᠡᠭᠲᠡᠢ᠃ ᠲᠠᠷᠢᠶᠠᠯᠠᠬᠤ ᠣᠷᠣᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠰᠢᠨ᠎ᠡ ᠬᠥᠳᠡᠭᠡ ᠲᠣᠰᠬᠤᠨ ᠢ ᠬᠦᠴᠦᠯᠡᠨ ᠴᠣᠭᠴᠠᠯᠠᠬᠤ ᠬᠡᠷᠡᠭᠲᠡᠢ ᠬᠡᠵᠡᠢ᠃ |