ᠬᠤᠳᠠ ᠶᠢᠨ ᠵᠠᠰᠠᠭ ᠤᠨ ᠣᠷᠳᠣᠨ 2021 ᠣᠨ ᠤ 12 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/7/27
     7 ᠰᠠᠷ᠎ᠠ ᠶᠢᠨ 16 ᠤ ᠡᠳᠦᠷ᠂ ᠬᠤᠲᠠ ᠶᠢᠨ ᠵᠠᠰᠠᠭ ᠤᠨ ᠣᠷᠳᠣᠨ 2021 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠯᠢᠦ ᠴᠢ ᠹᠠᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠬᠤᠸᠠᠩ ᡁᠢ ᠴᠢᠶᠠᠩ ᠨᠥᠬᠦᠷ ᠤᠨ ᠮᠠᠨ ᠤ ᠬᠤᠲᠠ ᠶᠢᠨ ᠭᠤᠣᠯᠳᠠᠯᠭ᠎ᠠ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠵᠦ ᠲᠣᠬᠢᠷᠠᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ︽ᠬᠤᠶᠠᠷ ᠥᠨᠳᠥᠷ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠤ᠂ ᠮᠠᠨ ᠤ ᠬᠤᠲᠠ ᠶᠢᠨ ᠬᠤᠯᠪᠤᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠲᠡᠪᠰᠢᠬᠦᠯᠬᠦ ᠶᠢ ᠠᠬᠢᠭᠤᠯᠤᠨ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠶᠢ ᠰᠠᠶᠢᠲᠤᠷ ᠠᠳᠬᠤᠵᠤ᠂ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠦᠨ᠂ ᠨᠡᠭᠦᠷᠡᠰᠦᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠴᠢᠩᠭᠠᠳᠬᠠᠨ᠂ ᠬᠠᠲᠤᠨ ᠭᠤᠤᠯ ᠤᠨ ᠤᠰᠤᠨ ᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠤᠨᠢᠨ ᠳᠡᠭᠡᠷ᠎ᠡ ᠨᠢ ᠪᠦᠲᠦᠮᠵᠢᠲᠡᠢ ᠰᠢᠢᠳᠪᠦᠷᠢᠯᠡᠵᠦ᠂ ᠭᠤᠷᠪᠠ ᠶᠢ ᠲᠣᠳᠣᠷᠬᠠᠶᠢᠯᠠᠵᠤ ᠨᠢᠭᠡ ᠶᠢ ᠠᠬᠢᠭᠤᠯᠵᠤ ᠨᠢᠭᠡ ᠶᠢ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠳᠡᠢ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠶᠡᠷᠦᠩᠬᠡᠶᠢᠯᠡᠭᠰᠡᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠤᠶᠠᠷ ᠥᠨᠳᠥᠷ︾ ᠤᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠣᠪᠣᠷ ᠡᠷᠡᠰ ᠪᠠᠲᠤ᠂ ᠠᠵᠢᠯᠯᠠᠭ᠎ᠠ ᠡᠷᠡᠰ ᠪᠠᠲᠤ ᠪᠠᠶᠢᠬᠤ ᠶᠢ ᠦᠨᠡᠨᠬᠦ ᠪᠡᠶᠡᠯᠡᠭᠦᠯᠵᠦ᠂ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠬᠡᠷᠡᠭᠵᠢᠭᠦᠯᠬᠦ᠂ ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠳᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ︽ᠬᠤᠶᠠᠷ ᠥᠨᠳᠥᠷ︾ ᠳᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号