ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 2 ᠳ᠋ᠤᠭᠠᠷ ᠣᠳᠠᠭᠠᠨ ᠤ ᠪᠥᠬᠦᠳᠡ ᠬᠤᠷᠠᠯ ᠵᠢᠴᠢ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/30
     7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 2 ᠳ᠋ᠤᠭᠠᠷ ᠤᠳᠠᠭᠠᠨ ᠤ ᠪᠥᠬᠦᠳᠡ ᠬᠤᠷᠠᠯ ᠵᠢᠴᠢ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠮᠠᠨ ᠤ ᠬᠤᠲᠠ ᠶᠢᠨ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠳᠠᠯᠳᠠᠭᠤᠷ ᠰᠤᠷᠪᠤᠯᠵᠢᠯᠠᠨ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠠᠬᠢᠭᠤᠯᠵᠤ ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ ᠂ ᠲᠦᠢᠯ ᠢᠶᠠᠷ ᠴᠢᠬᠤᠯᠠᠴᠢᠯᠠᠵᠤ᠂ ᠲᠦᠢᠯ ᠢᠶᠠᠷ ᠬᠠᠷᠢᠭᠤᠴᠠᠬᠤ ᠣᠪᠣᠷ ᠢᠶᠠᠷ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ ᠂ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ  ᠦᠢᠯᠡᠳᠦᠯᠭᠡᠵᠢᠭᠦᠯᠬᠦ ᠬᠡᠷᠡᠭᠳᠡᠢ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠵᠢᠭᠰᠠᠭᠠᠨ ᠪᠠᠶᠢᠴᠠᠭᠠᠬᠤ ᠶᠢ ᠴᠢᠩᠭ᠎ᠠ ᠪᠣᠳᠠᠲᠠᠢ ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠵᠣᠷᠯᠣᠩ ᠤᠨ ᠬᠤᠪᠢᠰᠬᠠᠯ︾ ᠢ ᠦᠨᠡᠨᠬᠦ ᠤᠯᠠᠨ ᠲᠦᠮᠡᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠠᠮᠲᠤᠷᠠᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠬᠥᠭᠵᠢᠯᠲᠡ ᠪᠣᠯᠤᠨ ᠠᠵᠤ ᠦᠢᠯᠡᠰ ᠤᠨ ᠬᠥᠭᠵᠢᠯ ᠮᠠᠨᠳᠤᠯ᠂ ᠤᠶᠤᠨ ᠤ ᠳᠡᠮᠵᠢᠯᠭᠡ ᠪᠣᠯᠤᠨ ᠴᠢᠳᠠᠪᠤᠷᠢᠲᠠᠨ ᠤ ᠬᠥᠭᠵᠢᠯ ᠮᠠᠨᠳᠤᠯ᠂ ᠤᠶᠤᠨ ᠤ ᠪᠣᠯᠪᠠᠰᠤᠨ ᠪᠣᠯᠤᠨ ᠰᠣᠶᠣᠯ ᠤᠨ ᠬᠥᠭᠵᠢᠯ ᠮᠠᠨᠳᠤᠯ᠂ ᠪᠠᠶᠢᠭᠤᠯᠤᠮᠵᠢ ᠡᠩᠨᠡᠭᠡ ᠪᠣᠯᠤᠨ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠪᠣᠯᠤᠨ ᠠᠮᠢ ᠠᠬᠤᠢ ᠶᠢᠨ ᠬᠥᠭᠵᠢᠯ ᠮᠠᠨᠳᠤᠯ ᠵᠡᠷᠭᠡ ᠶᠢ ᠪᠦᠲᠦᠮᠵᠢᠲᠡᠢ ᠵᠣᠯᠭᠠᠭᠤᠯᠬᠤ ᠶᠢ ᠨᠢᠭᠡ ᠴᠤᠭᠴᠠᠵᠢᠭᠤᠯᠤᠨ ᠰᠦᠪᠡᠭᠴᠢᠯᠡᠵᠦ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠥᠷᠭᠡᠨ ᠤᠯᠠᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠨᠡᠩ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠬᠤ ᠬᠡᠷᠡᠭᠳᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号