ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠬᠤᠯᠪᠤᠭᠠᠯᠠᠨ ᠲᠠᠭᠠᠭᠠᠴᠢᠯᠠᠭᠰᠠᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/7/30
     7 ᠰᠠᠷ᠎ᠠ ᠶᠢᠨ 29 ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠡᠤ ᠦᠬᠠᠢ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠳᠠᠭᠠᠭᠠᠴᠢᠯᠠᠨ ᠬᠤᠯᠪᠤᠭᠠᠯᠠᠭᠰᠠᠨ ᠭᠤᠣᠯᠳᠠᠯᠭ᠎ᠠ ᠲᠠᠢ ᠲᠦᠷᠦᠯ ᠵᠦᠢᠯ — ᠭᠤᠸᠠᠩ ᠵᠢᠤᠢ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ 500 ᠲᠦᠮᠡᠨ ᠲᠣᠨ / ᠵᠢᠯ ᠤᠨ ᠨᠡᠭᠦᠷᠡᠰᠦ ᠬᠡᠦᠷᠰᠢᠭᠦᠯᠬᠦ ᠠᠵᠤ ᠦᠢᠯᠡᠳᠪᠦᠷᠢ ᠶᠢᠨ ᠬᠤᠯᠪᠣᠭᠠᠯᠠᠨ ᠦᠢᠯᠡᠳᠪᠦᠷᠢᠯᠡᠬᠦ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠡᠢ᠃      ᠬᠠᠨ ᠬᠦᠸᠧ ᠦ᠋ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ᠂ ᠪᠦᠳᠦᠬᠡᠨ ᠪᠠᠶᠢᠭᠤᠯᠤᠯᠲᠠ ᠶᠢᠨ ᠬᠡᠪᠴᠢᠶ᠎ᠡ᠂ ᠭᠠᠷ ᠤᠷᠠᠯᠠᠯ ᠤᠨ ᠶᠠᠪᠤᠴᠠ᠂ ᠪᠡᠯᠡ ᠣᠷᠣᠭᠤᠯᠤᠯᠲᠠ ᠶᠢᠨ ᠪᠠᠶᠢᠳᠠᠯ ᠵᠡᠷᠭᠡ ᠶᠢ ᠪᠠᠶᠢᠴᠠᠭᠠᠨ ᠣᠶᠢᠯᠠᠭᠠᠪᠠ᠃ ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠠᠨ ᠬᠦᠸᠧ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠳᠤᠷᠠᠳᠤᠭᠰᠠᠨ ᠦᠢᠯᠡᠳᠪᠦᠷᠢᠯᠡᠯ ᠤᠨ ᠡᠯᠧᠮᠧᠨ᠋ᠲ ᠤᠨ ᠭᠦᠢᠴᠡᠳᠬᠡᠯ ᠲᠤᠭ᠎ᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠢᠵᠢ ᠪᠦᠷᠢᠳᠦᠭᠦᠯᠬᠦ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠤᠨ ᠲᠣᠭᠤᠷᠢᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠲᠥᠰᠦᠯ ᠪᠣᠯᠤᠨ ᠠᠷᠭ᠎ᠠ ᠬᠡᠮᠵᠢᠶ᠎ᠡ ᠶᠢ ᠵᠥᠪᠳᠡᠯᠴᠡᠪᠡ᠃      ᠬᠠᠨ ᠬᠦᠸᠧ ᠦ᠋ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠨᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ︔ ᠠᠵᠤ ᠠᠬᠤᠶᠢᠯᠠᠯ ᠤᠨ ᠬᠢᠨ ᠪᠡᠶᠡᠴᠢ ᠴᠢᠳᠠᠮᠠᠭᠠᠶ ᠴᠢᠨᠠᠷ ᠢᠶᠠᠨ ᠪᠠᠳᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠥᠨᠳᠥᠷ ᠡᠬᠢᠯᠡᠯᠲᠡ ᠲᠠᠢ ᠪᠠᠷ ᠳᠥᠯᠭᠢᠨ ᠠᠬᠢᠭᠤᠯᠵᠤ᠂ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠭᠠᠷ ᠤᠷᠠᠯᠠᠯ ᠤᠨ ᠮᠡᠷᠭᠡᠵᠢᠯ ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠵᠡᠷᠭᠡ ᠶᠢ ᠳᠡᠯᠡᠬᠡᠶ ᠶᠢᠨ ᠲᠡᠷᠢᠭᠦᠨ ᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠰᠢᠯᠢᠳᠡᠭᠵᠢᠭᠦᠯᠦᠨ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠡᠭᠡᠳᠦ ᠰᠢᠨᠡᠴᠢᠯᠡᠯᠲᠡ᠂ ᠠᠵᠤ ᠦᠢᠯᠡᠰ ᠤᠨ ᠪᠦᠯᠦᠭᠵᠢᠯ᠂ ᠲᠦᠷᠦᠯ ᠲᠡᠮᠳᠡᠭ ᠤᠨ ᠳᠡᠭᠡᠳᠦ ᠲᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠭᠡᠮ ᠰᠣᠭᠤᠭ ᠢ ᠪᠠᠶᠢᠴᠠᠭᠠᠬᠤ ᠪᠠ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号