2021 ᠣᠨ ᠤ ᠤᠯᠠᠮᠵᠢᠯᠠᠯᠲᠤ ᠠᠵᠤ  ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠦᠷᠦᠭᠦᠴᠦᠳ ᠤᠨ ᠬᠤᠷᠠᠯ ᠤᠨ ᠭᠤᠤᠯ ᠰᠡᠳᠦᠪᠲᠦ ᠮᠡᠳᠡᠭᠦᠯᠦᠯᠲᠡ ᠶᠢᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2021/7/30
     7 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ︽ᠣᠶᠤᠨᠴᠢ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠶᠢ ᠬᠠᠮᠲᠤ ᠪᠠᠷ ᠰᠦᠪᠡᠭᠴᠢᠯᠡᠶ᠎ᠡ︾ ᠭᠡᠬᠦ 2021 ᠣᠨ ᠤ ᠤᠯᠠᠮᠵᠢᠯᠠᠯᠲᠤ ᠠᠵᠤ  ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠦᠷᠦᠭᠦᠴᠦᠳ ᠤᠨ ᠬᠤᠷᠠᠯ ᠤᠨ ᠭᠤᠤᠯ ᠰᠡᠳᠦᠪᠲᠦ ᠮᠡᠳᠡᠭᠦᠯᠦᠯᠲᠡ ᠶᠢᠨ ᠬᠤᠷᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠵᠣᠣ ᠶᠦᠩ ᠬᠤᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤ᠋ ᠱᠠᠨ ᠱᠦᠨ᠂ ᠬᠤᠸᠠ ᠸᠧᠶ ᠶᠢᠨ ᠳᠤᠮᠳᠠᠳᠤ ᠤᠯᠤᠰ ᠤᠨ ᠲᠣᠭᠤᠷᠢᠭ ᠤᠨ ᠳᠡᠳ᠋ ᠶᠡᠷᠦᠩᠬᠡᠶ ᠵᠠᠬᠢᠷᠤᠯ᠂ ᠳᠤᠮᠳᠠᠳᠤ ᠤᠯᠤᠰ ᠤᠨ ᠲᠣᠭᠤᠷᠢᠭ ᠤᠨ ᠡᠭᠦᠯᠡᠨ ᠪᠣᠳᠣᠯᠲᠠ ᠶᠢᠨ ᠲᠤᠬᠠᠶᠢᠯᠠᠭᠰᠠᠨ ᠠᠵᠢᠯ ᠤᠨ ᠬᠡᠯᠲᠡᠰ ᠤᠨ ᠶᠡᠷᠦᠩᠬᠡᠶ ᠵᠠᠬᠢᠷᠤᠯ ᠵᠠᠩ ᠰᠢᠤ ᠵᠧᠩ ᠨᠡᠷ ᠬᠤᠷᠠᠯ ᠳᠤ ᠣᠷᠣᠯᠴᠠᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠺᠠᠩ ᠶᠠᠨ ᠪᠢᠩ᠂ ᠯᠢ ᠴᠧᠩ ᠯᠢᠶᠠᠩ ᠵᠡᠷᠭᠡ 6 ᠤᠯᠠᠮᠵᠢᠯᠠᠯᠲᠤ ᠠᠵᠤ ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠬᠤ ᠬᠦᠷᠢᠶᠡᠨ ᠤ ᠲᠤᠰᠬᠠᠢ ᠮᠡᠷᠭᠡᠵᠢᠯᠲᠡᠨ ︽ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠣᠳᠣᠯᠬᠢᠯᠠᠯ︾ ︽ᠬᠤᠸᠠ ᠸᠧᠢ ᠶᠢᠨ ᠤᠶᠤᠨᠲᠤ ᠨᠡᠭᠦᠷᠡᠰᠦ ᠲᠤᠬᠢᠷᠠᠭᠤᠯᠬᠤ ᠶᠢ ᠰᠢᠢᠳᠪᠦᠷᠢᠯᠡᠬᠦ ᠲᠥᠰᠦᠯ ᠢ ᠡᠳ᠋ᠯᠡᠬᠦ︾ ︽ᠭᠤᠸᠠᠩ ᠨᠠ ᠶᠢᠨ ᠨᠡᠭᠦᠷᠡᠰᠦ ᠲᠤᠬᠢᠷᠠᠭᠤᠯᠬᠤ ᠶᠢ ᠥᠷᠭᠡᠨ ᠢᠶᠠᠷ ᠴᠤᠭᠯᠠᠭᠤᠯᠬᠤ ᠦᠢᠯᠡᠳᠦᠯᠭᠡ︾ ︽ᠾᠯᠣᠷ ᠱᠦᠯᠲᠦ ᠶᠢᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ︾ ︽ᠴᠤᠪᠤᠷᠠᠯ ᠠᠵᠢᠯ ᠲᠦᠷᠦᠯ ᠤᠨ ᠲᠣᠭᠠᠴᠢᠯᠠᠭᠰᠠᠨ ᠦᠢᠯᠡᠳᠪᠦᠷᠢ ᠶᠢᠨ ᠵᠠᠩᠭᠢᠯᠠᠭ᠎ᠠ ᠶᠢᠨ ᠮᠡᠷᠭᠡᠵᠢᠯ ᠵᠢᠴᠢ ᠲᠥᠰᠦᠯ︾ ᠵᠡᠷᠭᠡ ᠠᠭᠤᠯᠭ᠎ᠠ ᠶᠢᠨ ᠲᠤᠬᠠᠢ ᠭᠤᠣᠯ ᠰᠡᠳᠦᠪᠲᠦ ᠮᠡᠳᠡᠭᠦᠯᠦᠯᠲᠡ ᠬᠢᠵᠡᠢ᠃ ᠬᠡᠷᠬᠢᠨ ᠮᠡᠷᠭᠡᠵᠢᠯ ᠤᠨ ᠲᠠᠯ᠎ᠠ ᠠᠴᠠ ᠨᠡᠭᠦᠷᠡᠰᠦ ᠬᠡᠦᠷᠰᠢᠭᠦᠯᠬᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠪᠡᠶᠡᠯᠡᠭᠦᠯᠬᠦ᠂ ᠬᠤᠸᠠ ᠸᠧᠢ ᠬᠡᠷᠬᠢᠨ ᠨᠡᠭᠦᠷᠡᠰᠦ ᠬᠡᠦᠷᠰᠢᠭᠦᠯᠬᠦ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠬᠦ︔ ᠤᠶᠤᠨᠲᠤ ᠨᠡᠭᠦᠷᠡᠰᠦ ᠲᠤᠬᠢᠷᠠᠭᠤᠯᠬᠤ ᠶᠢ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ᠤᠨ ᠪᠦᠯᠦᠭᠯᠡᠯ ᠳᠤ ᠪᠣᠳᠠᠲᠠᠢ ᠬᠡᠷᠡᠭᠯᠡᠬᠦ︔ ᠤᠯᠠᠮᠵᠢᠯᠠᠯᠲᠤ ᠠᠵᠤ  ᠦᠢᠯᠡᠰ ᠤᠨ ᠾᠯᠣᠷᠲᠤ ᠱᠦᠯᠲᠦ ᠶᠢᠨ ᠬᠢᠮᠢ ᠶᠢᠨ ᠠᠵᠤ  ᠦᠢᠯᠡᠳᠪᠦᠷᠢ ᠶᠢᠨ ᠠᠵᠢᠯ ᠲᠥᠷᠥᠯ ᠤᠨ ᠬᠢᠨ ᠲᠣᠭᠠᠴᠢᠯᠠᠭᠰᠠᠨ ᠠᠵᠤ ᠠᠬᠤᠶ ᠶᠢ ᠪᠥᠲᠥᠭᠡᠨ ᠪᠠᠶᠢᠭᠤᠯᠵᠤ ᠪᠠᠶᠢᠭ᠎ᠠ ᠠᠬᠤᠶ ᠪᠠᠶᠢᠳᠠᠯ ᠳᠣᠤᠷ᠎ᠠ᠂ ᠬᠡᠷᠬᠢᠨ ᠲᠣᠭᠠᠴᠢᠯᠠᠭᠰᠠᠨ ᠮᠡᠷᠭᠡᠵᠢᠯ ᠢ ᠬᠡᠷᠡᠭᠯᠡᠨ᠂ ᠠᠵᠤ  ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠪᠡᠶᠡᠯᠡᠭᠦᠯᠬᠦ︔ ᠲᠣᠭᠠᠴᠢᠯᠠᠭᠰᠠᠨ ᠦᠢᠯᠡᠳᠪᠦᠷᠢ ᠨᠢ ᠤᠯᠠᠮᠵᠢᠯᠠᠯᠲᠤ ᠠᠵᠤ ᠠᠬᠤᠶᠢᠯᠠᠯ ᠳᠤ ᠠᠮᠤᠷ ᠲᠦᠪᠰᠢᠨ ᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠣᠨᠴᠠᠭᠠᠢ ᠦᠷᠳᠡᠭ ᠢ ᠠᠪᠴᠢᠷᠠᠬᠤ︔ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ  ᠢ ᠰᠠᠭᠠᠷᠮᠠᠭᠵᠢᠭᠤᠯᠬᠤ︾ ᠠᠬᠤᠶ ᠪᠠᠶᠢᠳᠠᠯ ᠳᠣᠤᠷ᠎ᠠ᠂ ᠠᠵᠤ  ᠦᠢᠯᠡᠳᠪᠦᠷᠢ ᠶᠢᠨ ᠠᠵᠤ  ᠦᠢᠯᠡᠰ ᠵᠢᠴᠢ ᠠᠵᠤ  ᠦᠢᠯᠡᠳᠪᠦᠷᠢ ᠶᠢᠨ ᠠᠵᠤ ᠠᠬᠤᠶ ᠳᠤ ᠶᠠᠮᠠᠷ ᠶᠠᠮᠠᠷ ᠥᠷᠢᠰᠥᠯᠳᠦᠭᠡᠨ ᠲᠠᠢ ᠪᠠᠶᠢᠬᠤ ᠵᠡᠷᠭᠡ ᠠᠭᠤᠯᠭ᠎ᠠ ᠶᠢ ᠲᠠᠶᠢᠯᠪᠤᠷᠢᠯᠠᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ︽ᠤᠶᠤᠨᠲᠤ ᠨᠡᠭᠦᠷᠡᠰᠦ ᠲᠤᠬᠢᠷᠠᠭᠤᠯᠬᠤ ᠶᠢ ᠰᠢᠢᠳᠪᠦᠷᠢᠯᠡᠬᠦ ᠲᠥᠰᠦᠯ 2.0︾ ᠪᠣᠯᠤᠨ ︽ᠤᠶᠤᠨᠲᠤ ᠦᠢᠯᠡᠳᠪᠦᠷᠢ ᠶᠢᠨ ᠰᠢᠢᠳᠪᠦᠷᠢᠯᠡᠬᠦ ᠲᠥᠰᠦᠯ 1.0︾ ᠢ ᠨᠡᠶᠢᠲᠡᠯᠡᠪᠡ᠂ ᠡᠨᠡ ᠨᠢ ᠤᠯᠠᠮᠵᠢᠯᠠᠯᠲᠤ ᠠᠵᠤ ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠬᠤ ᠪᠠ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠳᠤ ᠰᠢᠢᠳᠪᠦᠷᠢᠯᠡᠬᠦ ᠲᠥᠰᠦᠯ ᠤᠨ ᠬᠡᠷᠡᠭᠯᠡᠯᠲᠡ ᠶᠢ ᠬᠠᠩᠭᠠᠵᠠᠢ᠃      ᠥᠪᠡᠷᠲᠡᠭᠡᠨ ᠵᠠᠰᠠᠬᠤ ᠣᠷᠣᠨ᠂ ᠬᠤᠳᠠ᠂ ᠭᠤᠷᠪᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠦᠷᠦᠯ ᠤᠨ ᠨᠡᠶᠢᠭᠡᠮᠯᠢᠭ᠂ ᠬᠤᠸᠠ ᠸᠧᠢ ᠺᠣᠮᠫᠠᠨᠢ᠂ ᠪᠦᠬᠦ ᠤᠯᠤᠰ ᠤᠨ ᠠᠵᠤ ᠦᠢᠯᠡᠳᠪᠦᠷᠢ ᠶᠢᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠬᠤ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠡᠭᠦᠷᠡᠰᠦ ᠬᠡᠦᠷᠰᠢᠭᠦᠯᠬᠦ ᠪᠠ ᠾᠯᠣᠷᠲᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠵᠠᠭᠤ ᠭᠠᠷᠤᠢ ᠲᠥᠯᠥᠭᠡᠯᠡᠭᠴᠢ ᠭᠤᠣᠯ ᠰᠡᠳᠦᠪᠲᠦ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号