ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 14 ᠳ᠋ᠤᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/30
     7 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 14 ᠳ᠋ᠤᠭᠡᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠣ᠋ ᠱᠠᠨ ᠱᠦᠨ᠂ ᠬᠤᠲᠠ ᠶᠢᠨ ᠳᠡᠳ᠋ ᠳᠠᠷᠤᠭ᠎ᠠ ᠯᠢᠶᠠᠩ ᠱᠣ᠋ ᠫᠢᠩ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠬᠤᠷᠠᠯ ᠳᠤ ᠰᠤᠯᠠ ᠣᠷᠣᠯᠴᠠᠪᠠ      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪᠡᠳ ᠲᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠪᠠᠷ ᠪᠠᠶᠢᠯᠳᠤᠬᠤ ᠪᠤᠳᠤᠯᠭ᠎ᠠ ᠶᠢᠨ ᠵᠢᠷᠤᠮᠯᠠᠯ ᠪᠣᠯᠭᠠᠵᠤ᠂ ᠠᠮᠢ ᠠᠬᠤᠢ ᠶᠢ ᠣᠷᠢᠳᠠᠪᠡᠷ ᠪᠣᠳᠤᠯᠬᠢᠯᠠᠭᠰᠠᠨ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠤᠯᠠᠨ ᠡᠰᠢᠴᠢᠯᠡᠨ ᠬᠥᠭᠵᠢᠭᠦᠯᠬᠦ᠂ ᠤᠯᠠᠨ ᠲᠦᠢᠯ ᠢᠶᠠᠷ ᠲᠤᠯᠭᠠᠭᠤᠷᠢᠯᠠᠭᠤᠯᠬᠤ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠬᠦᠴᠦᠯᠡᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠪᠦᠲᠦᠴᠡ ᠪᠠᠨ ᠳᠤᠬᠢᠷᠠᠭᠤᠯᠬᠤ᠂ ᠴᠢᠳᠠᠪᠬᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠲᠠᠢ ᠪᠠᠶᠢᠬᠤ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠳᠡᠢ᠃ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠤᠯᠳᠠ ᠪᠣᠯᠭᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠲᠡᠦᠬᠡ ᠪᠠ ᠠᠷᠠᠳ ᠲᠦᠮᠡᠨ ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠬᠡᠵᠡᠢ      ᠬᠤᠷᠠᠯ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠤᠨ ︽ᠬᠤᠳᠠ ᠶᠢᠨ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠬᠤ ᠲᠤᠬᠠᠢ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠡᠳᠦᠷ ᠭᠠᠷᠤᠭᠰᠠᠨ ᠬᠦᠨᠳᠦ ᠶᠡᠭᠡ ᠬᠡᠷᠡᠭ ᠶᠠᠪᠤᠳᠠᠯ ᠤᠨ ᠰᠤᠷᠭᠠᠮᠵᠢ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠬᠤᠲᠠ ᠶᠢᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠤᠳᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠬᠤᠳᠠ ᠶᠢᠨ ᠪᠠᠷᠢᠯᠭ᠎ᠠ ᠪᠠ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠬᠤᠳᠠ ᠶᠢᠨ ᠭᠠᠯ ᠤᠨᠲᠠᠷᠠᠭᠠᠬᠤ ᠪᠠ ᠠᠶᠤᠯᠲᠠᠶ ᠬᠢᠮᠢ ᠶᠢᠨ ᠪᠣᠳᠠᠰ ᠵᠡᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ᠂ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠵᠡᠷᠭᠡ ᠠᠵᠢᠯ ᠢᠶᠠᠨ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ ᠪᠣᠳᠠᠲᠠᠶ ᠳᠤ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠤᠯᠭᠠᠬᠤ ᠬᠡᠷᠡᠭᠳᠡᠢ ᠬᠡᠵᠡᠢ᠃      ᠬᠤᠷᠠᠯ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠬᠦ ᠲᠤᠬᠠᠢ ᠰᠠᠨᠠᠯ︾ ᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ︽ᠰᠠᠨᠠᠯ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠷᠭᠡᠨ ᠰᠤᠳᠤᠯᠤᠨ ᠨᠡᠶᠢᠲᠡᠯᠡᠵᠦ᠂ ᠰᠢᠨ᠎ᠡ ᠮᠡᠷᠭᠡᠵᠢᠯ ᠢᠶᠠᠷ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠢᠳᠡᠪᠬᠢᠲᠡᠢ ᠳᠡᠮᠵᠢᠵᠦ᠂ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠦᠷᠭᠦᠯᠵᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ ᠳᠤ ᠣᠷᠣᠯᠴᠠᠬᠤ ᠰᠢᠨ᠎ᠡ ᠳᠠᠪᠠᠭᠤᠯᠢᠭ ᠢ ᠪᠤᠶᠢᠵᠢᠭᠤᠯᠵᠤ᠂ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号