ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠥᠷᠪᠡᠳᠦᠭᠡᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/7/5
     7 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠥᠷᠪᠡᠳᠦᠭᠡᠷ ᠣᠳᠠᠭᠠᠨ ᠤ ᠬᠤᠷᠠᠯ ᠬᠤᠷᠠᠯᠳᠤᠪᠠ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠠᠵᠢᠯᠯᠠᠬᠤ ᠳᠤᠭᠤᠶᠢᠯᠠᠩ ᠪᠣᠯᠤᠨ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠲᠣᠭᠤᠷᠢᠨ ᠵᠢᠯᠣᠭᠤᠳᠬᠤ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠷᠠᠭᠠᠴᠢ ᠶᠢᠨ ᠠᠯᠬᠤᠮ ᠤᠨ ᠬᠤᠯᠪᠣᠭᠳᠠᠯ ᠪᠦᠬᠦᠢ ᠶᠠᠪᠤᠳᠠᠯ ᠳᠤ ᠪᠠᠶᠢᠷᠢᠯᠠᠭᠤᠯᠤᠯᠲᠠ ᠬᠢᠵᠡᠢ᠃      ᠮᠧᠩ ᠫᠸᠢ ᠶᠦᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠡᠦᠬᠡ ᠶᠢ ᠰᠣᠷᠣᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠰᠣᠷᠣᠯᠴᠠᠵᠤ ᠥᠳᠡᠭᠡᠯ  ᠢᠶᠠᠨ ᠨᠡᠮᠡᠭᠳᠡᠭᠦᠯᠬᠦ᠂ ᠲᠡᠦᠬᠡ ᠶᠢ ᠰᠣᠷᠣᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢᠨ ᠰᠣᠷᠣᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠰᠠᠨᠠᠯ ᠰᠠᠨᠠᠭᠤᠯᠭ᠎ᠠ ᠳᠤ ᠴᠢᠭᠯᠡᠭᠦᠯᠦᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠲᠣᠬᠢᠷᠠᠭᠤᠯᠤᠯᠲᠠ ᠶᠢ ᠨᠠᠩ ᠪᠠᠶᠢᠩᠭᠤ ᠬᠢᠵᠦ᠂ ᠲᠣᠭᠤᠷᠢᠨ ᠵᠢᠯᠣᠭᠤᠳᠣᠯᠭ᠎ᠠ ᠶᠢ ᠨᠠᠩ ᠣᠨᠣᠪᠴᠢᠲᠠᠶ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ ᠵᠠᠩᠭᠢᠯᠠᠭ᠎ᠠ ᠶᠢᠨ ᠴᠢᠭ ᠢ ᠡᠵᠡᠮᠳᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠬᠠᠭᠤᠯᠤᠨ ᠲᠤᠤᠱᠯᠠᠭᠤᠯᠵᠤ᠂ ᠰᠤᠷᠤᠯᠴᠠᠯᠭ᠎ᠠ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠵᠤ ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ︽ᠡᠭᠦᠷᠢᠳᠡ ᠨᠠᠮ ᠢᠶᠠᠨ ᠳᠠᠭᠠᠬᠤ︾ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠨᠠᠶᠢᠷᠠᠯ ᠳᠠᠭᠤᠤ ᠵᠡᠷᠭᠡ ᠪᠡᠯᠭᠡᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠤᠬᠠᠭᠤᠯᠭ᠎ᠠ ᠮᠡᠳᠡᠭᠡᠯᠡᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠵᠠᠭᠤᠨ ᠵᠢᠯ ᠤᠨ ᠤᠢ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号