ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠠᠩᠬᠠᠳᠤᠭᠠᠷ ᠪᠦᠬᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/5
     7 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠠᠩᠬᠠᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠤᠳᠤᠷᠢᠳᠤᠯᠭ᠎ᠠ ᠰᠣ᠋ ᠵᠥᠩ ᠱᠧᠩ᠂ ᠵᠢᠶᠠ ᠴᠢᠩ ᠳ᠋ᠦᠩ᠂ ᠰᠦᠨ ᠬᠤᠤ᠂ ᠮᠧᠩ ᠫᠸᠢ ᠶᠦᠨ᠂ ᠼᠦᠢ ᠵᠢᠩ ᠸᠧᠨ᠂ ᠮᠤᠤ ᠵᠧᠨ ᠬᠠᠶ ᠵᠢᠴᠢ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2021 ᠣᠨ ᠤ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠭᠤᠤᠯᠳᠠᠯᠭ᠎ᠠ᠂ ᠰᠢᠮᠳᠠᠭᠤᠯᠤᠨ ᠪᠠᠶᠢᠴᠠᠭᠠᠬᠤ ᠠᠵᠢᠯ ᠤᠨ ᠠᠷᠭ᠎ᠠ᠂ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠵᠢᠴᠢ ︽ᠴᠡᠷᠢᠭ ᠠᠩᠭᠢ ᠪᠠ ᠣᠷᠣᠨ ᠨᠤᠲᠤᠭ ᠬᠦᠴᠦ ᠪᠠᠨ ᠬᠠᠮᠲᠤᠳᠬᠠᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠬᠦ ᠲᠤᠬᠠᠶ ᠦᠬᠠᠶ ᠬᠤᠲᠠ ᠶᠢᠨ ᠬᠡᠷᠡᠭᠵᠢᠭᠦᠯᠬᠦ ᠠᠷᠭ᠎ᠠ ︾ ᠶᠢ ᠰᠤᠳᠤᠯᠤᠨ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠪᠦᠬᠦ ᠬᠤᠳᠠ ᠶᠢᠨ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠵᠠᠰᠠᠭ ᠴᠡᠷᠢᠭ ᠠᠷᠠᠳ ᠰᠣᠷᠣᠭᠴᠢ ᠶᠢᠨ ᠬᠠᠮᠲᠤᠷᠠᠯ ᠤᠨ ᠬᠦᠴᠦᠨ ᠢ ᠥᠷᠭᠡᠨ ᠢᠶᠠᠷ ᠲᠠᠶᠢᠴᠢᠯᠠᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠬᠦ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠪᠤᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠪ ︵ᠦᠷᠲᠡᠭᠡ︶ ᠪᠣᠯᠤᠨ ᠦᠨᠳᠦᠰᠦᠨ ᠱᠠᠲᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠬᠠᠮᠲᠤᠪᠠᠷ ᠪᠠᠶᠢᠭᠤᠯᠵᠤ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠢᠳᠡᠪᠬᠢᠲᠡᠢ ᠠᠬᠢᠭᠤᠯᠵᠤ᠂ ︽ᠢᠨᠲ᠋ᠧᠷ ᠰᠦᠯᠵᠢᠶ᠎ᠡ + ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠵᠦ᠂ ᠨᠡᠶᠢᠭᠡᠮ ᠤᠨ ᠬᠦᠴᠦᠨ ᠤ ᠣᠷᠣᠯᠴᠠᠬᠤ ᠶᠢ ᠡᠮᠬᠢ ᠵᠢᠷᠤᠮ ᠲᠠᠢ ᠬᠦᠳᠦᠯᠦᠨ ᠵᠢᠯᠣᠭᠤᠳᠴᠤ᠂ ᠤᠯᠠᠨ ᠡᠰᠢᠵᠢᠭᠰᠡᠨ ᠪᠠᠲᠤᠯᠠᠪᠤᠷᠢ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠬᠤᠯᠪᠣᠭᠳᠠᠯ ᠪᠦᠬᠦᠢ ᠭᠠᠶᠢᠯᠢ ᠰᠦᠢᠳᠬᠡᠯ᠂ ᠮᠥᠩᠭᠦᠨ ᠭᠦᠢᠯᠭᠡᠭᠡ ᠵᠡᠷᠭᠡ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠨᠥᠬᠦᠴᠡᠯ ᠪᠦᠷᠢᠯᠳᠦᠭᠦᠯᠦᠨ ᠥᠭᠴᠦ ᠳᠡᠮᠵᠢᠯᠭᠡ ᠦᠵᠡᠭᠦᠯᠬᠦ ᠬᠡᠷᠡᠭᠲᠡᠶ᠃ ᠬᠠᠷᠠᠭᠠᠯᠵᠠᠨ ᠰᠠᠶᠢᠰᠢᠶᠠᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠬᠦᠴᠢᠷᠳᠡᠯ ᠢ ᠲᠤᠰᠠᠯᠠᠬᠤ ᠪᠠ ᠦᠨᠳᠦᠰᠦᠨ ᠵᠦᠢᠯ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠷᠠᠭᠠᠯᠵᠠᠨ ᠰᠠᠶᠢᠰᠢᠶᠠᠬᠤ ᠡᠯ᠎ᠡ ᠵᠦᠢᠯ ᠤᠨ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠦᠷᠳᠡᠭᠡ ᠳᠤ ᠲᠦᠰᠢᠭᠯᠡᠨ᠂ ᠨᠠᠮ ᠤᠨ ᠭᠡᠰᠢᠭᠦᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠰᠠᠭᠤᠳᠠᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠳ᠋ᠠᠶᠢᠲ᠋ᠠ ᠶᠢᠨ ᠬᠥᠮᠥᠷᠭᠡ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠮᠡᠳᠡᠭᠡ ᠵᠠᠩᠬᠢᠴᠢᠯᠠᠯᠳᠠ ᠶᠢᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠬᠦ ᠬᠡᠷᠡᠭᠳᠡᠢ᠃ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠢ ᠱᠣᠭᠤᠬᠤ ᠪᠠ ᠤᠬᠠᠭᠤᠯᠬᠤ ᠠᠵᠢᠯᠯᠠᠭ᠎ᠠ ᠶᠢ ᠭᠦᠨᠵᠡᠭᠡᠶ ᠵᠣᠬᠢᠶᠠᠨ ᠪᠠᠶᠢᠭᠤᠯᠤᠨ ᠥᠷᠨᠢᠭᠦᠯᠵᠦ᠂ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠤ ᠳᠠᠷᠠᠭᠠᠬᠢ ᠬᠠᠭᠠᠰ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠥᠬᠦ ᠬᠤᠲᠠ ᠶᠢᠨ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠬᠦᠯᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号