ᠬᠤᠳᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠬᠤᠷᠢᠶᠠᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/7/5
     7 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠬᠤᠷᠢᠶᠠᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ 2020 ᠣᠨ ᠤ ᠠᠵᠢᠯ ᠤᠨ ᠳ᠋ᠦᠩᠨᠡᠯᠲᠡ ᠪᠠ 2021 ᠣᠨ ᠤ ᠠᠵᠢᠯ ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃ ᠬᠤᠲᠠ ᠶᠢᠨ ᠤᠳᠤᠷᠢᠳᠤᠯᠭ᠎ᠠ ᠰᠣ᠋ ᠵᠥᠩ ᠱᠧᠩ᠂ ᠾᠦᠸᠧ ᠵᠧᠨ ᠭᠦᠸᠧ᠂ ᠵᠢᠶᠠ ᠴᠢᠩ ᠳ᠋ᠦᠩ᠂ ᠮᠧᠩ ᠫᠸᠢ ᠶᠦᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠮᠡᠳᠡᠭᠡ ᠵᠠᠩᠬᠢᠴᠢᠯᠠᠯᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠡᠷᠡᠰ ᠰᠠᠬᠢᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠵᠥᠪ ᠲᠠᠯ᠎ᠠ ᠶᠢᠨ ᠬᠦᠳᠦᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠴᠤᠭ ᠰᠦᠯᠳᠡ ᠪᠠᠨ ᠪᠠᠳᠠᠷᠠᠭᠤᠯᠵᠤ᠂ ᠪᠦᠬᠦ ᠬᠤᠳᠠ ᠪᠠᠷ ᠢᠶᠠᠨ ᠬᠥᠭᠵᠢᠯᠲᠡ ᠶᠢ ᠠᠳᠬᠤᠬᠤ᠂ ᠬᠥᠭᠵᠢᠯᠲᠡ ᠶᠢ ᠡᠷᠢᠯᠬᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠰᠦᠯᠵᠢᠶᠡᠨ ᠤ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠳᠡᠢ᠃ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ᠃ ᠲᠣᠭᠠᠴᠢᠯᠠᠭᠰᠠᠨ ᠠᠵᠤ ᠠᠬᠤᠢ ᠪᠠᠷ ᠬᠥᠳᠡᠯᠭᠡᠭᠦᠷ ᠪᠣᠯᠭᠠᠨ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ ᠪᠠᠶᠢᠭᠠᠳ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠢᠳᠡᠪᠬᠢᠲᠡᠢ ᠠᠮᠢᠯᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠪᠣᠯᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠬᠤᠳᠠ ᠶᠢᠨ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠪᠠᠶᠢᠳᠠᠯ ᠢ ᠡᠬᠦᠳᠬᠦ ᠬᠡᠷᠡᠭᠳᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠤᠳᠤᠯᠤᠨ ᠰᠦᠪᠡᠭᠴᠢᠯᠡᠬᠦ ᠪᠠᠨ ᠴᠢᠩᠭᠠᠳᠬᠠᠵᠤ᠂ ᠠᠵᠢᠯ  ᠢᠶᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠤᠯᠪᠣᠭᠳᠠᠯ ᠪᠥᠬᠦᠶ ᠠᠵᠢᠯ ᠤᠨ ᠬᠤᠷᠸ᠎ᠠ ᠵᠢᠯᠣᠭᠤᠳᠣᠯᠭ᠎ᠠ᠂ ᠲᠦᠷᠢᠮ ᠤᠨ ᠵᠢᠷᠤᠭ ᠲᠥᠯᠥᠪᠯᠡᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ ᠬᠢᠯᠠᠰ ᠴᠢᠭ ᠢ ᠴᠢᠷᠮᠠᠶᠢᠨ ᠪᠣᠶ ᠪᠤᠯᠭᠠᠬᠤ ᠬᠡᠷᠡᠭᠳᠡᠢ᠃ ᠬᠥᠮᠦᠨ ᠰᠣᠩᠭᠤᠨ ᠬᠡᠷᠡᠭᠯᠡᠬᠦ ᠵᠥᠪ ᠤᠳᠤᠷᠢᠳᠤᠮᠵᠢ ᠶᠢ ᠤᠯᠠᠮ ᠨᠢᠭᠡ ᠠᠯᠬᠤᠮ ᠪᠤᠢ ᠪᠣᠯᠭᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠡᠩᠨᠡᠭᠡᠨ ᠤ ᠤᠯᠤᠰ ᠲᠦᠷᠦ ᠶᠢᠨ ᠤᠨᠤᠯ ᠤᠨ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠬᠥᠭᠵᠢᠯᠲᠡ ᠶᠢᠨ ᠳᠤᠮᠳᠠ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号