ᠲᠠᠩ ᠢ ᠬᠠᠶᠢᠷᠤᠪ ᠤᠨ ᠲᠤᠬᠤᠢ ᠲᠣᠭᠤᠷᠢᠭ ᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2021/7/5

   

     7 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ

ᠲᠤᠬᠤᠢ ᠲᠣᠭᠤᠷᠢᠭ ᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ

ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ

ᠪᠠᠶᠢᠳᠠᠯ ᠤᠨ ᠲᠤᠬᠠᠢ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠡᠢ᠃ ᠬᠤᠳᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠦᠩ ᠱᠧᠩ᠂ ᠬᠤᠳᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ

ᠰᠦᠨ ᠬᠤᠤ᠂ ᠬᠤᠳᠠ ᠶᠢᠨ ᠳᠡᠳ᠋ ᠳᠠᠷᠤᠭ᠎ᠠ ᠯᠢᠦ ᠰᠣ᠋ ᠬᠤᠩ ᠬᠠᠮᠲᠤ ᠪᠠᠶᠢᠴᠠᠭᠠᠨ ᠰᠤᠳᠤᠯᠤᠯᠲᠠ ᠬᠢᠵᠡᠢ᠃

     ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ᠂ ᠲᠠᠩ ᠢ ᠲᠦᠷᠦᠯ

ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠥᠭᠴᠦ ᠬᠡᠷᠡᠭᠯᠡᠭᠰᠡᠨ ᠪᠠᠶᠢᠳᠠᠯ ᠢ ᠭᠦᠨᠵᠡᠭᠡᠢ

ᠣᠶᠢᠯᠠᠭᠠᠵᠤ᠂ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠪᠡᠯᠡ ᠮᠥᠩᠭᠦ ᠶᠢ ᠵᠠᠪᠠᠯ ᠰᠠᠶᠢᠲᠤᠷ ᠪᠦᠭᠡᠳ

ᠠᠮᠢᠳᠤᠯᠢᠭ ᠢᠶᠠᠷ ᠬᠡᠷᠡᠭᠯᠡᠵᠦ᠂ ᠬᠢᠲᠠᠳ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂

ᠣᠷᠣᠨ ᠪᠦᠰᠡ ᠶᠢᠨ ᠤᠨᠴᠠᠯᠢᠬᠳᠤ ᠲᠦᠷᠦᠯ ᠲᠡᠮᠳᠡᠭ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠠᠷᠠᠳ ᠤᠨ

ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃ ᠪᠦᠯᠬᠦᠮᠳᠡᠯ

ᠰᠢᠨ᠎ᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠤᠨ ᠶᠦᠨ

ᠹᠸᠢ ᠦᠵᠦᠮ ᠤᠨ ᠰᠠᠭᠤᠷᠢᠨ ᠭᠠᠵᠠᠷ ᠲᠤ᠂ ᠲᠠᠩ ᠢ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ

ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠢᠴᠢ ᠲᠠᠬᠢᠨ ᠠᠰᠢᠭᠯᠠᠬᠤ᠂ ᠲᠠᠷᠢᠶᠠᠯᠠᠩ ᠤᠨ ᠤᠰᠤ ᠠᠷᠪᠢᠯᠠᠵᠤ

ᠤᠰᠤᠯᠠᠬᠤ ᠵᠡᠷᠭᠡ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠤᠰᠤ ᠶᠢ ᠦᠨᠳᠦᠰᠦᠯᠡᠨ

ᠲᠣᠭᠲᠠᠭᠠᠬᠤ᠂ ᠣᠰᠣᠨ ᠤ ᠪᠠᠶᠢᠳᠠᠯ ᠢᠶᠠᠷ ᠬᠡᠷᠡᠭᠯᠡᠬᠦ᠂ ᠤᠰᠤ ᠠᠷᠪᠢᠯᠠᠬᠤ ᠶᠢ ᠴᠢᠬᠤᠯᠠᠴᠢᠯᠠᠬᠤ ᠶᠢ ᠪᠠᠷᠢᠮᠲᠠᠯᠠᠵᠤ᠂

ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠬᠤ

ᠬᠡᠷᠡᠭᠲᠡᠢ ᠭᠡᠵᠦ ᠴᠢᠬᠤᠯᠠᠴᠢᠯᠠᠪᠠ᠃

     ᠶᠠᠷᠢᠯᠴᠠᠬᠤ ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠤᠭᠳᠠᠯ ᠪᠦᠬᠦᠢ ᠠᠵᠢᠯ ᠢ

ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠠᠩ ᠢ ᠵᠢᠭᠠᠵᠤ

ᠭᠠᠷᠭᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠪᠣᠯ ᠮᠠᠨ ᠤ ᠬᠤᠳᠠ ᠶᠢᠨ ᠭᠤᠣᠯ ᠬᠤᠳᠠ ᠶᠢᠨ ᠲᠣᠭᠤᠷᠢᠭ

ᠪᠣᠯᠤᠨ᠎ᠠ᠂ ᠪᠦᠬᠦ ᠬᠤᠳᠠ ᠶᠢᠨ ᠶᠡᠭᠡ ᠲᠠᠯ᠎ᠠ ᠳᠤ ᠪᠠᠶᠢᠷᠢ ᠰᠠᠭᠤᠷᠢ ᠴᠢᠬᠤᠯᠠ᠂ ᠦᠢᠯᠡᠳᠦᠯ ᠳᠤᠪᠤᠶᠢᠮ᠎ᠠ ᠪᠠᠶᠢᠨ᠎ᠠ᠂

ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ

ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠵᠢᠱᠢᠶ᠎ᠡ

ᠦᠵᠡᠭᠦᠯᠵᠦ᠂ ᠦᠯᠢᠬᠡᠷ ᠳᠠᠭᠤᠷᠢᠶᠠᠯ ᠪᠤᠯᠵᠤ᠂ ᠪᠦᠬᠦ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ

ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠢ

ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ

ᠨᠠᠶᠢᠳᠠᠪᠤᠷᠢᠵᠢᠭᠤᠯᠬᠤ ᠶᠠᠪᠤᠳᠠᠯ ᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠴᠠᠭ

ᠢᠮᠠᠭᠲᠠ ᠪᠠᠷᠢᠮᠵᠢᠶ᠎ᠠ ᠱᠠᠭᠠᠷᠳᠠᠯᠭ᠎ᠠ ᠯᠤᠭ᠎ᠠ ᠬᠠᠷᠢᠴᠠᠭᠤᠯᠵᠣ᠂ ᠵᠦᠷᠢᠶ᠎ᠡ ᠪᠠᠨ ᠴᠠᠭ ᠲᠤᠬᠠᠢ ᠳᠤᠨᠢ ᠬᠠᠷᠭᠤᠭᠤᠯᠵᠤ᠂

ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ

ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠦᠨᠡᠨ

ᠰᠡᠳᠬᠢᠯ ᠠᠴᠠ ᠪᠠᠨ ᠴᠢᠷᠮᠠᠶᠢᠨ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠡᠯ᠎ᠡ ᠵᠦᠢᠯ ᠤᠨ

ᠵᠢᠭᠠᠪᠤᠷᠢ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ

ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠬᠤ ᠶᠢ ᠲᠤᠤᠱᠯᠠᠭᠤᠯᠤᠨ

ᠨᠠᠶᠢᠳᠠᠪᠤᠷᠢᠵᠢᠭᠤᠯᠬᠤ ᠶᠢ ᠠᠳᠬᠤᠬᠤ ᠶᠢᠨ ᠵᠣᠭᠰᠣᠴᠠ ᠪᠣᠯᠭᠠᠵᠤ᠂ ︽ᠲᠤᠷᠰᠢᠯᠭ᠎ᠠ ᠶᠢᠨ ᠦᠵᠡᠯ︾ ︽

ᠢᠨᠧᠷᠼᠢ ᠶᠢᠨ ᠰᠡᠳᠬᠢᠬᠦᠢ︾ ᠶᠢ ᠡᠷᠡᠰ ᠲᠠᠶᠠᠭᠳᠠᠵᠤ᠂ ︽ᠠᠩᠬᠠᠨ ᠤ ᠬᠤᠳᠠ︾ ︽ᠭᠤᠣᠯ ᠬᠤᠳᠠ︾ ᠶᠢᠨ

ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ

ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ ᠤᠷᠢᠳᠠᠪᠠᠷ ᠲᠤᠷᠰᠢᠵᠤ᠂

ᠤᠷᠢᠳᠠᠪᠠᠷ ᠬᠢᠵᠦ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ

ᠠᠮᠢᠳᠤᠷᠠᠯ ᠢ ᠡᠭᠦᠳᠬᠦ᠂ ᠥᠨᠳᠥᠷ ᠪᠦᠲᠦᠮᠵᠢᠲᠡᠢ ᠵᠠᠰᠠᠯᠲᠠ ᠶᠢ ᠬᠡᠷᠡᠭᠵᠢᠭᠦᠯᠬᠦ ᠳᠤ ᠰᠢᠨ᠎ᠡ ᠵᠠᠮ ᠢ ᠨᠡᠭᠡᠭᠡᠵᠦ

ᠥᠭᠬᠦ ᠪᠠᠷ ᠴᠢᠷᠮᠠᠶᠢᠬᠤ ᠬᠡᠷᠡᠭᠲᠡᠢ ᠬᠡᠵᠡᠢ᠃

     ᠲᠠᠩ ᠢ ᠱᠠᠭᠠᠷᠳᠠᠭᠰᠠᠨ ᠨᠢ᠂ ᠡᠯ᠎ᠡ ᠲᠤᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ

ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠪᠦᠬᠦ ᠲᠠᠯ᠎ᠠ ᠪᠠᠷ ᠡᠮᠬᠢᠯᠡᠵᠦ᠂ ᠣᠷᠣᠰᠢᠵᠤ ᠪᠠᠶᠢᠭ᠎ᠠ ᠠᠰᠠᠭᠤᠳᠠᠯ

 ᠢᠶᠠᠨ ᠥᠪᠡᠷ ᠢᠶᠠᠨ ᠪᠠᠶᠢᠴᠠᠭᠠᠨ ᠣᠶᠢᠯᠠᠭᠠᠵᠤ᠂ ᠡᠴᠦᠰ ᠲᠤᠨᠢ ᠲᠤᠯᠲᠠᠯ᠎ᠠ ᠲᠤᠭ᠎ᠠ ᠪᠦᠷᠢᠳᠬᠡᠯ᠂ ᠪᠠᠶᠢᠳᠠᠯ ᠢ

ᠲᠣᠳᠣᠷᠬᠠᠢ ᠬᠢᠵᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠠᠰᠠᠭᠤᠳᠠᠯ ᠢ ᠲᠡᠷᠡ ᠳᠠᠷᠤᠢ ᠳᠤᠨᠢ ᠡᠷᠡᠰ

ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ

ᠠᠰᠠᠭᠤᠳᠠᠯ ᠢ ᠭᠦᠨᠵᠡᠭᠡᠢ ᠪᠠᠶᠢᠴᠠᠭᠠᠵᠤ᠂ ᠨᠠᠷᠢᠨ ᠬᠢᠨᠠᠮᠠᠭᠠᠢ ᠰᠤᠳᠤᠯᠵᠤ᠂ ᠴᠢᠩᠭ᠎ᠠ ᠪᠤᠳᠠᠳᠠᠢ ᠠᠳᠬᠤᠵᠤ᠂

ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠬᠠᠷᠠᠯᠲᠠ ᠲᠠᠢ ᠪᠠᠷ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ

ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠡᠳᠬᠢᠯ ᠠᠴᠠ ᠪᠠᠨ

ᠬᠠᠷᠢᠭᠤᠴᠠᠯᠭ᠎ᠠ ᠡᠭᠦᠷᠭᠡᠯᠡᠵᠦ᠂ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ

ᠭᠦᠢᠴᠡᠳᠬᠡᠵᠦ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠡᠴᠦᠰ ᠲᠤᠨᠢ ᠲᠤᠯᠲᠠᠯ᠎ᠠ ᠠᠳᠬᠤᠵᠤ᠂

ᠬᠦᠨᠲᠤ ᠡᠭᠦᠷᠭᠡ ᠶᠢ ᠦᠨᠡᠨ ᠬᠦ ᠡᠭᠦᠷᠭᠡᠯᠡᠵᠦ᠂ ᠠᠵᠢᠯ ᠦᠢᠯᠡᠰ ᠤᠨ ᠬᠥᠭᠵᠢᠯᠲᠡ ᠶᠢᠨ ᠦᠢᠯᠡᠳᠦᠯᠭᠡᠵᠢᠭᠦᠯᠦᠭᠴᠢ᠂

ᠣᠷᠣᠯᠴᠠᠭᠴᠢ᠂ ᠡᠷᠡᠯᠬᠡᠭᠯᠡᠨ ᠤᠷᠤᠭᠰᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠬᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号